ᠾᠦᠸᠧ ᠵᠤᠤ ᠯᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠬᠦ ᠳᠡᠭᠡᠨ ᠵᠢᠭᠠᠭᠰᠠᠨ ᠨᠢ ᠤᠶᠤᠨ ᠤᠬᠠᠭᠠᠨ ᠬᠦᠴᠦᠨ ᠴᠢᠳᠠᠯ ᠢᠶᠠᠨ ᠨᠢᠭᠳᠠᠷᠠᠭᠤᠯᠤᠨ ᠬᠦᠭᠵᠢᠯᠲᠠ ᠶᠢ ᠲᠦᠯᠦᠪᠵᠢᠬᠦᠯᠵᠦ ᠨᠠᠶᠢᠳᠠᠪᠤᠷᠢᠵᠢᠯᠳᠠ ᠶᠢ ᠴᠢᠩᠭ᠎ᠠ ᠠᠳᠬᠤᠵᠦ ᠰᠢᠯᠢ ᠶᠢᠨ ᠭᠤᠤᠯ ᠠᠶᠢᠮᠠᠭ ᠤᠨ ᠠᠵᠦ ᠠᠬᠤᠢ ᠨᠡᠶᠢᠬᠡᠮ ᠤᠨ ᠦᠨᠳᠦᠷ ᠴᠢᠨᠠᠷᠵᠢᠯ ᠲᠠᠢ ᠭᠦᠭᠵᠢᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2018/1/30
    1 ᠰᠠᠷ᠎ᠠ ᠶᠢᠨ 25᠎ ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠢᠯᠢ ᠶᠢᠨ ᠭᠤᠤᠯ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠬᠢᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠬᠦ ᠦᠶ᠎ᠡ ᠳᠤ ᠵᠢᠭᠠᠭᠰᠠᠨ ᠨᠢ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠤᠭᠤᠷᠢᠨ ᠳᠤ ᠶᠡᠷᠦᠩᠬᠡᠢ ᠰᠡᠳᠬᠢᠮᠵᠢ ᠪᠠ ᠡᠬᠦᠷᠭᠡ ᠬᠠᠷᠠᠯᠲᠠ ᠪᠠᠨ ᠲᠤᠭᠳᠠᠭᠠᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠬᠳᠠᠷᠠᠭᠤᠯᠤᠨ ᠬᠦᠭᠵᠢᠯᠲᠠ ᠶᠢ ᠲᠦᠯᠦᠪᠵᠢᠬᠦᠯᠵᠦ᠂ ᠨᠠᠶᠢᠳᠠᠪᠤᠷᠢᠵᠢᠯᠳᠠ ᠶᠢ ᠴᠢᠩᠭ᠎ᠠ ᠠᠳᠬᠤᠵᠦ᠂ ᠰᠢᠯᠢ ᠶᠢᠨ ᠭᠤᠤᠯ ᠠᠶᠢᠮᠠᠭ ᠤᠨ ᠠᠵᠦ ᠠᠬᠤᠢ ᠨᠡᠶᠢᠬᠡᠮ ᠤᠨ ᠦᠨᠳᠦᠷ ᠴᠢᠨᠠᠷᠵᠢᠯ ᠲᠠᠢ ᠭᠦᠭᠵᠢᠯᠲᠠ ᠶᠢ ᠪᠡᠶᠡᠯᠡᠬᠦᠯᠬᠦ ᠬᠡᠷᠡᠭᠲᠡᠢ ᠬᠡᠪᠡ᠃         ᠾᠦᠸᠧ ᠵᠤᠤ ᠯᠢᠶᠠᠩ ᠬᠡᠯᠡᠭᠰᠡᠨ ᠨᠢ᠂ ᠪᠦ᠋ ᠰᠢᠶᠤᠤ ᠯᠢᠨ ᠲᠡᠷᠢᠬᠦᠯᠡᠭᠴᠢ ᠶᠢᠨ ᠬᠢᠭᠰᠡᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠦ᠂ ᠠᠵᠢᠯ ᠢᠶᠠᠨ ᠲᠤᠪᠴᠢ ᠲᠤᠲᠤᠷᠬᠠᠢ ᠪᠦᠭᠡᠳ ᠪᠤᠳᠠᠳᠠᠢ ᠳ᠋ᠦᠡᠭᠨᠡᠵᠦ᠂ ᠠᠰᠠᠭᠤᠳᠠᠯ ᠢ ᠵᠠᠳᠠᠯᠬᠤ ᠳᠠᠭᠠᠨ ᠭᠤᠤᠯ ᠢ ᠨᠢ ᠠᠳᠬᠤᠵᠦ᠂ ᠠᠵᠢᠯ ᠤᠨ ᠪᠠᠶᠢᠷᠢᠯᠠᠭᠤᠯᠤᠯᠲᠠ ᠳᠤ ᠭᠤᠤᠯᠳᠠᠯᠭ᠎ᠠ ᠶᠢ ᠲᠤᠪᠤᠶᠢᠯᠭᠠᠵᠦ᠂ ᠠᠷᠭ᠎ᠠ ᠬᠡᠮᠵᠢᠶ᠎ᠠ ᠪᠦᠲᠦᠮᠵᠢᠲᠠᠢ ᠪᠠᠶᠢᠵᠦ᠂ ᠤᠯᠤᠰ ᠲᠦᠷᠦ ᠶᠢᠨ ᠵᠤᠭᠰᠤᠴᠠ ᠪᠠᠲᠤ ᠴᠢᠩᠭ᠎ᠠ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠠᠷᠭ᠎ᠠ ᠬᠡᠮᠵᠢᠶ᠎ᠠ ᠪᠦᠲᠦᠮᠵᠢᠲᠠᠢ᠂ ᠠᠷᠠᠳ ᠤᠨ ᠠᠮᠢᠳᠤᠷᠠᠯ ᠢ ᠬᠠᠯᠠᠮᠵᠢᠯᠠᠭᠰᠠᠨ᠂ ᠢᠳᠡᠭᠡᠯ ᠵᠤᠷᠢᠭ ᠢ ᠬᠦᠪᠴᠢᠯᠡᠭᠰᠡᠨ᠂ ᠤᠶᠤᠨ ᠤᠬᠠᠭᠠᠨ ᠬᠦᠴᠦᠨ ᠴᠢᠳᠠᠯ ᠢ ᠨᠢᠭᠳᠠᠷᠠᠭᠤᠯᠤᠭᠰᠠᠨ᠂ ᠦᠨᠡᠨ ᠢ ᠪᠠᠷᠢᠮᠳᠠᠯᠠᠵᠦ ᠪᠤᠳᠠᠳᠠᠢ ᠶᠢ ᠡᠷᠬᠢᠮᠯᠡᠵᠦ᠂ ᠡᠷᠡᠯᠭᠡᠭᠯᠡᠨ ᠤᠷᠤᠭᠰᠢᠯᠠᠬᠤ ᠶᠢ ᠵᠤᠷᠢᠭᠵᠢᠭᠤᠯᠤᠭᠰᠠᠨ ᠰᠠᠶᠢᠨ ᠢᠯᠡᠳᠭᠡᠯ ᠪᠤᠯᠵᠦ᠂ ᠪᠢᠳᠡᠨ ᠳᠤ ᠴᠢᠭᠯᠡᠯ ᠢ ᠵᠢᠭᠠᠵᠦ᠂ ᠤᠷᠤᠭᠰᠢᠯᠠᠬᠤ ᠬᠦᠴᠦᠨ ᠵᠤᠷᠢᠭ ᠢ ᠬᠦᠪᠴᠢᠯᠡᠵᠠᠢ ᠭᠡᠪᠡ᠃         ᠾᠦᠸᠧ ᠵᠤᠤ ᠯᠢᠶᠠᠩ ᠵᠢᠭᠠᠬᠤ ᠳᠠᠭᠠᠨ᠂ ᠰᠢᠯᠢ ᠶᠢᠨ ᠭᠤᠤᠯ ᠠᠶᠢᠮᠠᠭ ︽ᠢᠯᠡᠳᠭᠡᠯ︾᠎ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠵᠢᠷᠭᠤᠭᠠᠨ ᠲᠠᠯ᠎ᠠ ᠪᠠᠷ ᠭᠤᠤᠯᠳᠠᠯᠭ᠎ᠠ ᠲᠠᠢ ᠰᠠᠶᠢᠳᠤᠷ ᠨᠠᠶᠢᠳᠠᠪᠤᠷᠢᠵᠢᠭᠤᠯᠬᠤ ᠴᠢᠬᠤᠯᠠᠳᠠᠢ᠃ ᠲᠤᠬᠢᠷᠠᠮᠵᠢᠲᠠᠢ ᠠᠷᠭ᠎ᠠ ᠪᠤᠳᠤᠯᠭ᠎ᠠ ᠭᠡᠷᠡᠭᠵᠢᠬᠦᠯᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠎ ᠢ ᠰᠠᠶᠢᠳᠤᠷ ᠬᠢᠵᠤ᠂ ᠰᠢᠢᠳᠪᠤᠷᠢᠳᠤ ᠢᠯᠡᠯᠲᠡ ᠶᠢ ᠤᠯᠬᠤ ᠭᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠲᠡ ᠶᠢ ᠬᠦᠨᠵᠡᠭᠡᠶᠢᠷᠡᠬᠦᠯᠵᠤ᠂ ᠤᠳᠤ ᠦᠶ᠎ᠠ ᠶᠢᠨ ᠮᠠᠯ ᠠᠵᠤ ᠠᠬᠤᠢ᠂ ᠴᠡᠪᠡᠷ ᠡᠨᠧᠷᠬᠢ᠂ ᠰᠤᠶᠤᠯ ᠵᠤᠭᠠᠴᠠᠯ ᠵᠡᠷᠭᠡ ᠭᠤᠷᠪᠠᠨ ᠠᠵᠤ ᠦᠢᠯᠡᠰ ᠢ ᠭᠤᠤᠯ ᠰᠢᠪᠳᠤᠯᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠪᠠ ᠲᠡᠰ ᠲᠡᠪᠰᠢᠬᠦᠯᠦᠨ ᠰᠢᠯᠢᠳᠡᠭᠵᠢᠬᠦᠯᠬᠦ ᠶᠢ ᠠᠬᠢᠭᠤᠯᠵᠤ᠂ ᠬᠦᠭᠵᠢᠯᠲᠡ ᠶᠢᠨ ᠴᠢᠨᠠᠷᠵᠢᠯ ᠪᠠ ᠦᠷ᠎ᠠ ᠠᠰᠢᠭ ᠢ ᠲᠡᠭᠡᠭᠰᠢᠯᠡᠬᠦᠯᠬᠦ ᠭᠡᠷᠡᠭᠲᠡᠢ᠃ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠠᠴᠠ ᠭᠠᠷᠳᠠᠵᠤ᠂ ᠲᠦᠭᠡᠮᠡᠯ ᠴᠢᠨᠠᠷᠳᠠᠢ᠂ ᠦᠨᠳᠤᠰᠤᠨ ᠴᠢᠨᠠᠷᠳᠠᠢ᠂ ᠪᠠᠳᠤᠯᠠᠭ᠎ᠠ ᠶᠢᠨ ᠴᠢᠨᠠᠷᠳᠠᠢ ᠠᠷᠠᠳ ᠤᠨ ᠠᠮᠢᠳᠤᠷᠠᠯ ᠤᠨ ᠠᠵᠢᠯ ᠢ ᠰᠠᠶᠢᠳᠤᠷ ᠬᠢᠬᠦ ᠭᠡᠷᠡᠭᠲᠡᠢ ᠃ ᠤᠯᠠᠮᠵᠢᠯᠠᠬᠤ ᠪᠠ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠰᠢᠯᠢᠳᠡᠭ ᠦᠨᠳᠤᠰᠤᠲᠡᠨ ᠤ ᠰᠤᠶᠤᠯ ᠤᠨ ᠲᠠᠳᠠᠬᠤ ᠬᠦᠴᠦᠨ ᠪᠠ ᠨᠡᠶᠢᠭᠡᠮ ᠤᠨ ᠨᠦᠯᠦᠭᠡ ᠶᠢ ᠲᠡᠭᠡᠭᠰᠢᠯᠡᠬᠦᠯᠵᠤ᠂ ᠤᠨᠴᠠᠭᠠᠢᠢᠯᠠᠨ ᠶᠡᠷᠦᠩᠭᠡᠢ ᠱᠦᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠭᠡᠰᠢᠬᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠤᠳᠬ᠎ᠠ ᠤᠷᠠᠯᠢᠭ ᠤᠨ ᠦᠢᠯᠡᠰ ᠢ ᠲᠡᠮᠵᠢᠬᠦ᠂ ᠰᠤᠶᠤᠯ ᠢ ᠬᠦᠭᠵᠢᠬᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠬᠦ ᠭᠡᠷᠡᠭᠲᠡᠢ᠃ ᠰᠢᠯᠢ ᠶᠢᠨ ᠭᠤᠤᠯ ᠤᠨ ᠲᠠᠯ᠎ᠠ ᠨᠤᠳᠤᠭ ᠢ ᠬᠠᠮᠠᠭᠠᠯᠠᠵᠤ᠂ ᠪᠦᠲᠦᠭᠡᠨ ᠪᠠᠶᠢᠭᠤᠯᠬᠤ ᠪᠠ ᠰᠠᠶᠢᠳᠤᠷ ᠠᠰᠢᠭᠯᠠᠬᠤ ᠪᠤᠯ ᠵᠠᠶᠢᠯᠠᠭᠤᠯᠵᠤ ᠪᠤᠯᠤᠰᠢ ᠦᠭᠡᠢ ᠲᠡᠤᠭᠡᠲᠦ ᠡᠬᠦᠷᠭᠡ ᠪᠠ ᠤᠯᠤᠰ ᠲᠦᠷᠦ ᠶᠢᠨ ᠬᠠᠷᠢᠭᠤᠴᠠᠯᠭ᠎ᠠ ᠪᠠᠶᠢᠵᠤ᠂ ᠠᠮᠢ ᠠᠬᠤᠢ ᠶᠢᠨ ᠪᠤᠯᠪᠠᠰᠤᠨ ᠤ ᠲᠦᠷᠢᠮ ᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ᠂ ᠠᠮᠢ ᠠᠬᠤᠢ ᠶᠢᠨ ᠬᠢᠨᠠᠨ ᠬᠠᠮᠢᠶᠠᠷᠤᠯᠳᠠ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠦᠷᠬᠦᠯᠵᠢᠯᠡᠨ ᠬᠦᠴᠦᠯᠡᠨ ᠴᠢᠷᠮᠠᠶᠢᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠲᠡᠢ᠃ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠤᠷᠳᠤᠨ ᠤ ᠡᠯ᠎ᠡ ᠲᠠᠯ᠎ᠠ ᠶᠢᠨ ᠠᠵᠢᠯ ᠳᠤ ᠲᠤᠤᠱᠯᠠᠭᠤᠯᠵᠤ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠠᠶᠢᠮᠠᠭ ᠤᠨ ᠵᠠᠰᠠᠭ ᠤᠨ ᠤᠷᠳᠤᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号