ᠮᠠᠨ ᠤ ᠠᠶᠢᠮᠠᠭ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ 220 ᠲᠦᠭᠦᠷᠢᠭ ᠪᠤᠯᠭᠠᠪᠠ
ᠨᠡᠶᠢᠲᠡᠯᠡᠭᠰᠡᠨ ᠴᠠᠭ᠄
2018/11/23
    ᠡᠨᠡ ᠵᠢᠯ᠂ ᠮᠠᠨ ᠤ ᠠᠶᠢᠮᠠᠭ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ 180 ᠲᠦᠭᠦᠷᠢᠭ ᠪᠠᠶᠢᠵᠦ᠂ 2019 ᠤᠨ ᠳᠤ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ 220 ᠲᠦᠭᠦᠷᠢᠭ ᠪᠤᠯᠭᠠᠬᠤ ᠪᠠᠷ ᠪᠤᠯᠪᠠ᠃ 9 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠠᠶᠢᠮᠠᠭ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠠᠭᠠᠳᠬᠠᠯ ᠳᠤ ᠤᠷᠤᠭᠰᠠᠨ ᠬᠦᠮᠦᠨ ᠤ ᠲᠤᠭ᠎ᠠ 65.31 ᠲᠦᠮᠨ ᠬᠦᠷᠴᠠᠢ᠃         ᠤᠢᠢᠯᠠᠭᠠᠭᠰᠠᠨ ᠢᠶᠠᠷ᠂ 2017 ᠤᠨ ᠳᠤ᠂ ᠮᠠᠨ ᠤ ᠠᠶᠢᠮᠠᠭ ᠤᠯᠤᠰ ᠪᠠ ᠦᠪᠡᠷᠲᠡᠭᠡᠨ ᠵᠠᠰᠠᠬᠤ ᠤᠷᠤᠨ ᠤ ᠨᠢᠬᠡᠳᠦᠯᠲᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤ ᠪᠠᠷ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠲᠠᠭᠠᠳᠬᠠᠯ ᠪᠠ ᠰᠢᠨ᠎ᠠ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠲᠠᠭᠠᠳᠬᠠᠯ ᠤᠨ ᠲᠦᠷᠢᠮ ᠢ ᠨᠢᠬᠡᠳᠭᠡᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠤᠨ ᠡᠮᠨᠡᠯᠬᠡ ᠶᠢᠨ ᠲᠠᠭᠠᠳᠬᠠᠯ ᠤᠨ ᠲᠦᠷᠢᠮ ᠢ ᠪᠠᠶᠢᠭᠤᠯᠵᠦ᠂ ᠬᠤᠪᠢ ᠬᠦᠮᠦᠨ ᠰᠦᠢᠳᠭᠡᠯ ᠲᠤᠰᠢᠶᠠᠬᠤ ᠪᠠ ᠵᠠᠰᠠᠭ ᠤᠨ ᠤᠷᠳᠤᠨ ᠠᠴᠠ ᠨᠦᠬᠦᠪᠦᠷᠢᠯᠡᠬᠦ ᠬᠡᠯᠪᠡᠷᠢ ᠪᠠᠷ ᠪᠡᠯᠡ ᠮᠦᠩᠬᠦ ᠶᠢ ᠬᠤᠷᠠᠮᠳᠤᠭᠤᠯᠬᠤ ᠪᠤᠯᠵᠠᠢ᠃         ᠡᠬᠦᠨ ᠤ ᠬᠠᠮᠲᠤ᠂ ᠮᠠᠨ ᠤ ᠠᠶᠢᠮᠠᠭ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠳᠠᠭᠠᠳᠬᠠᠯ ᠤᠨ ᠲᠦᠷᠢᠮ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠠᠰᠤᠷᠠᠯᠳᠠ ᠦᠬᠡᠢ ᠲᠡᠭᠦᠯᠳᠡᠷᠵᠢᠬᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠢᠶᠠᠷ ᠲᠡᠭᠡᠭᠰᠢᠯᠡᠬᠦᠯᠵᠦ᠂ ᠡᠨᠡ ᠵᠢᠯ᠂ ᠪᠦᠬᠦ ᠠᠶᠢᠮᠠᠭ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠭᠠᠳᠬᠠᠯ ᠤᠨ ᠪᠠᠷᠢᠮᠵᠢᠶ᠎ᠠ ᠨᠢ ᠵᠢᠯ ᠪᠤᠯᠭᠠᠨ ᠬᠦᠮᠦᠨ ᠪᠦᠷᠢ 30 ᠲᠦᠭᠦᠷᠢᠭ ᠪᠤᠯᠵᠠᠢ᠃         ᠪᠦᠬᠦ ᠠᠶᠢᠮᠠᠭ ᠠᠴᠠ ᠪᠠᠰᠠ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠴᠡᠭ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠳᠠᠬᠢ ᠲᠠᠩᠰᠠ ᠴᠠᠶᠢᠷᠠᠭᠤᠯᠬᠤ ᠬᠠᠷᠢᠴᠡᠯ ᠢ 10 ᠵᠠᠭᠤᠨ ᠤ ᠨᠢᠬᠡᠴᠢ ᠪᠠᠷ ᠲᠡᠭᠡᠭᠰᠢᠯᠡᠬᠦᠯᠵᠦ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠠᠩᠬ᠎ᠠ ᠤᠳᠠᠭ᠎ᠠ ᠡᠮᠨᠡᠯᠭᠡ ᠳᠤ ᠰᠠᠭᠤᠬᠤ ᠳᠤ ᠲᠤᠰᠢᠶᠠᠬᠤ ᠰᠦᠢᠳᠭᠡᠯ ᠢ 50%᠎ ᠪᠠᠷ ᠲᠤᠷᠤᠭᠰᠢᠯᠠᠭᠤᠯᠬᠤ ᠶᠢᠨ ᠬᠠᠮᠲᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠤᠳᠠᠭᠠᠨ ᠴᠢᠨᠠᠷᠲᠠᠢ ᠡᠪᠡᠳᠴᠢᠨ ᠢ ᠡᠮᠨᠡᠬᠦᠯᠦᠭᠰᠡᠨ ᠰᠦᠢᠳᠭᠡᠯ ᠢ ᠲᠠᠩᠰᠠ ᠴᠠᠶᠢᠷᠠᠭᠤᠯᠬᠤ ᠬᠠᠷᠢᠴᠠᠯ ᠢ 10 ᠵᠠᠭᠤᠨ ᠤ ᠨᠢᠬᠡᠴᠢ ᠪᠠᠷ ᠲᠡᠭᠡᠭᠰᠢᠯᠡᠬᠦᠯᠵᠠᠢ᠃ ᠦᠨᠳᠦᠰᠦᠨ ᠡᠮᠨᠡᠯᠭᠡ᠂ ᠬᠦᠨᠲᠤ ᠡᠪᠡᠳᠴᠢᠨ ᠤ ᠲᠠᠭᠠᠳᠬᠠᠯ᠂ ᠠᠪᠤᠷᠠᠨ ᠲᠤᠰᠠᠯᠠᠬᠤ᠂ ᠬᠦᠨᠳᠤ ᠡᠪᠡᠳᠴᠢᠨ ᠤ ᠪᠠᠳᠤᠯᠠᠭ᠎ᠠ ᠶᠢᠨ ᠰᠠᠭᠤᠷᠢ ᠮᠦᠩᠬᠦ᠂ ᠡᠷᠡᠬᠦᠯ ᠮᠡᠨᠲᠤ ᠶᠢᠨ ᠨᠦᠬᠦᠪᠦᠷᠢ ᠳᠠᠭᠠᠳᠬᠠᠯ ᠵᠡᠷᠭᠡ ᠲᠦᠷᠦ ᠶᠢᠨ ᠪᠤᠳᠤᠯᠭ᠎ᠠ ᠶᠢᠨ ᠶᠡᠷᠦᠩᠬᠡᠶᠢᠯᠡᠭᠰᠡᠨ ᠨᠦᠬᠦᠪᠦᠷᠢ ᠪᠠᠷ ᠲᠠᠮᠵᠢᠭᠤᠯᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠡᠮᠨᠡᠯᠭᠡ ᠳᠤ ᠰᠠᠭᠤᠭᠰᠠᠨ ᠰᠦᠢᠳᠭᠡᠯ ᠤᠨ ᠲᠠᠩᠰᠠ ᠴᠠᠶᠢᠷᠠᠭᠤᠯᠬᠤ ᠭᠡᠮᠵᠢᠶ᠎ᠡ ᠶᠢ 90% ᠬᠦᠷᠭᠡᠪᠡ︔ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠤᠳᠠᠭᠠᠨ ᠴᠢᠨᠠᠷᠲᠠᠢ ᠡᠪᠡᠳᠴᠢᠨ ᠢ ᠡᠮᠨᠡᠬᠦᠯᠬᠦ ᠰᠦᠢᠳᠭᠡᠯ ᠤᠨ ᠲᠠᠩᠰᠠ ᠴᠠᠶᠢᠷᠠᠭᠤᠯᠬᠤ ᠪᠤᠳᠠᠳᠤ ᠬᠠᠷᠢᠴᠠᠯ ᠢ 95%᠎ ᠠᠴᠠ ᠲᠡᠭᠡᠭᠰᠢ ᠪᠤᠯᠭᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号