ᠮᠠᠨ ᠤ ᠠᠶᠢᠮᠠᠭ ᠤᠨ 22 ᠲᠦᠷᠦᠯ ᠵᠦᠢᠯ ᠡᠳ᠋ ᠤᠨ ᠵᠠᠰᠠᠭ ᠤᠨ ᠶᠠᠮᠤᠨ ᠤ PPP ᠲᠦᠷᠦᠯ ᠵᠦᠢᠯ ᠤᠨ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠲᠠᠪᠴᠠᠩ ᠤᠨ ᠬᠠᠮᠢᠶᠠᠷᠤᠯᠳᠠ ᠶᠢᠨ ᠬᠦᠮᠦᠷᠭᠡ ᠳᠤ ᠤᠷᠤᠵᠠᠢ
ᠨᠡᠶᠢᠲᠡᠯᠡᠭᠰᠡᠨ ᠴᠠᠭ᠄
2018/11/23
    ᠤᠢᠢᠷ᠎ᠠ ᠶᠢᠨ ᠵᠢᠯ ᠳᠤ᠂ ᠮᠠᠨ ᠤ ᠠᠶᠢᠮᠠᠭ PPP ᠲᠦᠷᠦᠯ ᠵᠦᠢᠯ ᠢ ᠲᠦᠷᠢᠮᠵᠢᠬᠦᠯᠦᠨ ᠬᠠᠮᠢᠶᠠᠷᠴᠦ᠂ ᠪᠦᠳᠦᠴᠡ ᠶᠢ ᠨᠢ ᠰᠢᠯᠢᠳᠡᠭᠵᠢᠬᠦᠯᠵᠦ᠂ PPP ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠭᠡᠵᠦ᠂ ᠤᠳᠤᠬᠠᠨ ᠪᠤᠯᠳᠠᠯ᠎ᠠ ᠪᠦᠬᠦ ᠠᠶᠢᠮᠠᠭ ᠤᠨ ᠡᠯ᠎ᠠ ᠭᠠᠵᠠᠷ ᠤᠨ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠭᠦᠭᠡᠷᠦᠮᠵᠢ᠂ ᠡᠮ ᠡᠮᠨᠡᠯᠭᠡ ᠡᠷᠡᠬᠦᠯ ᠬᠠᠮᠠᠭᠠᠯᠠᠯ᠂ ᠨᠠᠰᠤᠲᠠᠶᠢᠴᠤᠳ ᠤᠨ ᠠᠰᠠᠷᠠᠮᠵᠢ᠂ ᠰᠤᠶᠤᠯ ᠵᠡᠷᠭᠡ ᠤᠯᠠᠨ ᠨᠡᠶᠢᠳᠡ ᠶᠢᠨ ᠦᠢᠯᠡᠴᠢᠯᠡᠬᠡᠨ ᠤ ᠬᠦᠷᠢᠶ᠎ᠡ ᠬᠡᠪᠴᠢᠶᠡᠨ ᠳᠠᠬᠢ 10 PPP ᠲᠦᠷᠦᠯ ᠵᠦᠢᠯ ᠤᠷᠢᠳ ᠬᠤᠵᠢᠳ ᠪᠠᠶᠢᠭᠤᠯᠤᠭᠳᠠᠵᠦ᠂ ᠲᠤᠬᠠᠢ ᠶᠢᠨ ᠭᠠᠵᠠᠷ ᠤᠷᠤᠨ ᠤ ᠤᠯᠠᠨ ᠨᠡᠶᠢᠳᠡ ᠶᠢᠨ ᠦᠢᠯᠡᠴᠢᠯᠡᠭᠡ ᠪᠡ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠪᠡ᠃     ᠡᠨᠡ ᠵᠢᠯ ᠤᠨ ᠭᠤᠷᠪᠠᠳᠤᠭᠠᠷ ᠤᠯᠠᠷᠢᠯ ᠪᠤᠯᠳᠠᠯ᠎ᠠ᠂ ᠪᠦᠬᠦ ᠠᠶᠢᠮᠠᠭ ᠤᠨ 22 PPP ᠲᠦᠷᠦᠯ ᠵᠦᠢᠯ ᠡᠳ᠋ ᠤᠨ ᠵᠠᠰᠠᠭ ᠤᠨ ᠶᠠᠮᠤᠨ ᠤ PPP ᠲᠦᠷᠦᠯ ᠵᠦᠢᠯ ᠤᠨ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠲᠠᠪᠴᠠᠩ ᠤᠨ ᠬᠠᠮᠢᠶᠠᠷᠤᠯᠳᠠ ᠶᠢᠨ ᠬᠦᠮᠦᠷᠭᠡ ᠳᠤ ᠤᠷᠤᠵᠦ᠂ ᠶᠡᠷᠦᠩᠬᠡᠢ ᠪᠡᠯᠡ ᠤᠷᠤᠭᠤᠯᠤᠯᠲᠠ ᠨᠢ 86.76 ᠳ᠋ᠦᠩᠰᠢᠭᠤᠷ ᠲᠦᠭᠦᠷᠢᠭ ᠬᠦᠷᠴᠦ᠂ ᠵᠢᠩᠬᠢᠨᠢ ᠪᠠᠷ ᠬᠡᠷ᠎ᠡ ᠲᠤᠭᠳᠠᠵᠦ ᠪᠠᠶᠢᠭᠤᠯᠤᠭᠰᠠᠨ ᠲᠦᠷᠦᠯ ᠵᠦᠢᠯ 10 ᠪᠠᠶᠢᠵᠦ᠂ ᠶᠡᠷᠦᠩᠬᠡᠢ ᠪᠡᠯᠡ ᠤᠷᠤᠭᠤᠯᠤᠯᠲᠠ ᠨᠢ 40.74 ᠳ᠋ᠦᠩᠰᠢᠭᠤᠷ ᠲᠦᠭᠦᠷᠢᠭ ᠪᠠᠶᠢᠵᠦ᠂ ᠤᠳᠤ ᠨᠢᠬᠡᠨᠳᠡ 16.26 ᠳ᠋ᠦᠩᠰᠢᠭᠤᠷ ᠲᠦᠭᠦᠷᠢᠭ ᠤᠨ ᠪᠡᠯᠡ ᠬᠤᠷᠠᠮᠳᠤᠭᠤᠯᠪᠠ︔ ᠬᠢᠷᠢ ᠬᠡᠮ ᠢ ᠬᠢᠨᠠᠨ ᠵᠦᠪᠰᠶᠡᠷᠡᠬᠦᠯᠬᠦ ᠲᠦᠷᠦᠯ ᠵᠦᠢᠯ 9᠎ ᠶᠢ ᠨᠡᠶᠢᠳᠡᠯᠡᠵᠦ ᠂ ᠶᠡᠷᠦᠩᠬᠡᠢ ᠪᠡᠯᠡ ᠤᠷᠤᠭᠤᠯᠤᠯᠲᠠ ᠨᠢ 41.3 ᠳ᠋ᠦᠩᠰᠢᠭᠤᠷ ᠲᠦᠭᠦᠷᠢᠭ ᠬᠦᠷᠬᠦ ᠪᠤᠯᠤᠨ᠎ᠠ︔ 3 ᠲᠦᠷᠦᠯ ᠵᠦᠢᠯ ᠪᠡᠯᠡᠳᠭᠡᠯ ᠱᠠᠲᠤᠨ ᠳᠤ ᠤᠷᠤᠵᠦ᠂ ᠶᠡᠷᠦᠩᠬᠡᠢ ᠪᠡᠯᠡ ᠤᠷᠤᠭᠤᠯᠤᠯᠲᠠ ᠨᠢ 8.12 ᠳ᠋ᠦᠩᠰᠢᠭᠤᠷ ᠲᠦᠭᠦᠷᠢᠭ ᠬᠦᠷᠬᠦ ᠪᠤᠯᠤᠨ᠎ᠠ᠃         ᠬᠤᠶᠢᠰᠢᠲᠠ᠂ ᠮᠠᠨ ᠤ ᠠᠶᠢᠮᠠᠬ PPP ᠲᠦᠷᠦᠯ ᠵᠦᠢᠯ ᠤᠨ ᠠᠵᠢᠯ ᠤᠨ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ PPP ᠬᠡᠪ ᠵᠠᠭᠪᠤᠷ ᠤᠨ ︽ᠲᠤᠭᠳᠠᠭᠤᠨ ᠢᠶᠠᠷ ᠨᠡᠮᠡᠭᠳᠡᠬᠦᠯᠬᠦ᠂ ᠪᠦᠲᠦᠴᠡ ᠶᠢ ᠰᠢᠯᠢᠳᠡᠭᠵᠢᠬᠦᠯᠬᠦ᠂ ᠦᠬᠡᠷᠡᠴᠢᠯᠡᠯᠲᠡ ᠶᠢ ᠠᠬᠢᠭᠤᠯᠬᠤ᠂ ᠠᠷᠠᠳ ᠲᠤ ᠠᠰᠢᠭ ᠬᠦᠷᠳᠡᠬᠡᠬᠦ᠂ ᠠᠶᠤᠯ ᠲᠦᠭᠰᠢᠬᠦᠷᠢ ᠠᠴᠠ ᠰᠡᠷᠬᠡᠶᠢᠯᠡᠬᠦ︾ ᠲᠠᠯ᠎ᠠ ᠪᠠᠷ ᠬᠢ ᠪᠠᠶᠢᠷᠢ ᠲᠤᠭᠳᠠᠭᠠᠯᠲᠠ ᠶᠢ ᠰᠠᠶᠢᠲᠤᠷ ᠡᠵᠡᠮᠳᠡᠵᠦ᠂ PPP ᠬᠡᠪ ᠵᠠᠭᠪᠤᠷ ᠢ ᠬᠦᠨᠵᠡᠬᠡᠶᠢᠷᠡᠬᠦᠯᠦᠨ ᠬᠦᠭᠵᠢᠬᠦᠯᠬᠦ ᠪᠤᠯᠤᠨ᠎ᠠ᠃ ppp ᠲᠦᠷᠦᠯ ᠵᠦᠢᠯ ᠤᠨ ᠬᠦᠮᠦᠷᠭᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠲᠦᠷᠦᠯ ᠵᠦᠢᠯ ᠤᠨ ᠬᠡᠷᠡᠭᠵᠢᠬᠦᠯᠬᠦ ᠲᠦᠰᠦᠪ ᠢ ᠬᠢᠨᠠᠨ ᠵᠦᠪᠰᠢᠶᠡᠷᠡᠬᠦᠯᠬᠦ ᠪᠠᠨ ᠴᠢᠩᠭᠠᠳᠬᠠᠨ᠎ᠠ᠃ PPP ᠲᠦᠷᠦᠯ ᠵᠦᠢᠯ ᠤᠨ ᠭᠡᠪ ᠵᠠᠭᠪᠤᠷ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠪᠦᠬᠦ ᠠᠶᠢᠮᠠᠭ ᠤᠨ PPP ᠲᠦᠷᠦᠯ ᠵᠦᠢᠯ ᠤᠨ ᠠᠵᠢᠯ ᠢ ᠰᠢᠨ᠎ᠡ ᠨᠢᠬᠡᠨ ᠲᠡᠭᠳᠡᠷ ᠲᠤ ᠭᠠᠷᠭᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号