ᠰᠢᠯᠢ ᠶᠢᠨ ᠭᠤᠤᠯ ᠤᠨ ᠡᠪᠤᠯ ᠤᠨ ᠵᠤᠭᠠᠴᠠᠯ ᠤᠨ ᠲᠠᠯ᠎ᠠ ᠨᠤᠳᠤᠭ ᠤᠨ ᠰᠢᠨ᠎ᠠ ᠤᠨ ᠤ ᠭᠡᠶᠢᠮᠦᠷᠢ ᠶᠢᠨ ᠲᠠᠯᠠᠯᠭ᠎ᠠ ᠶᠢᠨ ᠠᠵᠢᠯᠯᠠᠭ᠎ᠠ ᠰᠢᠯᠢ ᠶᠢᠨ ᠬᠤᠳᠠ ᠳᠤ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/12/20
    2018 ᠤᠨ ᠤ 12 ᠰᠠᠷ᠎ᠠ ᠶᠢᠨ 31᠎ ᠠᠴᠠ 2019 ᠤᠨ ᠤ 1 ᠰᠠᠷ᠎ᠠ ᠶᠢᠨ 1᠎ ᠤ ᠡᠳᠦᠷ ᠪᠤᠯᠳᠠᠯ᠎ᠠ᠂ ᠮᠠᠨ ᠤ ᠠᠶᠢᠮᠠᠭ ᠰᠢᠯᠢ ᠶᠢᠨ ᠭᠤᠤᠯ ᠤᠨ ᠡᠪᠤᠯ ᠤᠨ ᠵᠤᠭᠠᠴᠠᠯ ᠤᠨ ᠲᠠᠯ᠎ᠠ ᠨᠤᠳᠤᠭ ᠤᠨ ᠰᠢᠨ᠎ᠠ ᠤᠨ ᠤ ᠭᠡᠶᠢᠮᠦᠷᠢ ᠶᠢᠨ ᠲᠠᠯᠠᠯᠭ᠎ᠠ ᠶᠢᠨ ᠠᠵᠢᠯᠯᠠᠭ᠎ᠠ ᠶᠢ ᠰᠢᠯᠢ ᠶᠢᠨ ᠬᠤᠳᠠ ᠳᠤ ᠶᠠᠪᠤᠭᠳᠠᠭᠤᠯᠬᠤ ᠪᠠᠷ ᠪᠠᠶᠢᠨ᠎ᠠ᠃         ᠲᠤᠰ ᠠᠵᠢᠯᠯᠠᠭ᠎ᠠ ᠨᠢ ᠮᠠᠨ ᠤ ᠠᠶᠢᠮᠠᠭ ᠤᠨ ᠡᠯᠪᠡᠭ ᠪᠠᠶᠠᠯᠢᠭ ᠮᠦᠰᠤ ᠴᠠᠰᠤ ᠶᠢᠨ ᠡᠬᠢ ᠪᠠᠶᠠᠯᠢᠭ᠂ ᠨᠡᠬᠦᠲᠡᠯ ᠰᠤᠶᠤᠯ ᠪᠠ ᠰᠢᠨ᠎ᠠ ᠵᠢᠯ ᠤᠨ ᠠᠮᠠᠷᠠᠯᠳᠠ ᠶᠢᠨ ᠬᠤᠭᠤᠴᠠᠭ᠎ᠠ ᠳᠤ ᠰᠠᠭᠤᠷᠢᠯᠠᠨ᠂ ᠰᠢᠯᠢ ᠶᠢᠨ ᠭᠤᠤᠯ ᠠᠶᠢᠮᠠᠭ ᠤᠨ ᠤᠨᠴᠠ ᠪᠠᠶᠢᠳᠠᠭ ᠡᠪᠤᠯ ᠤᠨ ᠤᠯᠠᠷᠢᠯ ᠤᠨ ᠵᠠᠩ ᠦᠢᠯᠡ᠂ ᠤᠷᠠᠯᠢᠭ᠂ ᠠᠮᠳᠠᠳᠤ ᠢᠳᠡᠭᠡᠨ ᠤ ᠰᠤᠶᠤᠯ ᠢ ᠬᠦᠨᠵᠡᠭᠡᠢ ᠠᠭᠤᠳᠠᠯᠯᠠᠵᠤ᠂ ᠪᠡᠶᠡᠴᠢᠯᠡᠨ ᠦᠢᠯᠠᠭᠠᠬᠤ᠂ ᠰᠤᠨᠢᠷᠬᠠᠯ ᠲᠠᠢ᠂ ᠤᠳᠬ᠎ᠠ ᠠᠭᠤᠯᠭ᠎ᠠ ᠲᠠᠢ ᠪᠠᠶᠢᠬᠤ ᠶᠢ ᠤᠶᠠᠯᠳᠤᠭᠤᠯᠤᠭᠰᠠᠨ ᠨᠠᠶᠢᠷ ᠨᠠᠭᠠᠳᠤᠮ ᠤᠨ ᠠᠵᠢᠯᠯᠠᠭ᠎ᠠ ᠶᠢ ᠦᠷᠨᠢᠬᠦᠯᠵᠤ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠨ ᠭᠤᠤᠯ ᠵᠤᠭᠠᠴᠠᠭᠰᠠᠳ ᠤᠨ ᠵᠠᠬ᠎ᠠ ᠲᠡᠯᠭᠡᠬᠦᠷ ᠲᠤ ᠬᠠᠨᠳᠤᠭᠤᠯᠵᠤ ᠤᠨᠳᠤᠤ ᠦᠪᠡᠷᠮᠢᠴᠡ ᠪᠦᠲᠦᠭᠡᠭᠲᠡᠬᠦᠨ ᠢ ᠨᠡᠭᠡᠭᠡᠵᠤ᠂ ᠡᠷᠴᠢᠮᠳᠠᠢ ᠤᠬᠠᠭᠤᠯᠤᠨ ᠲᠡᠯᠭᠡᠷᠡᠬᠦᠯᠵᠤ᠂ ᠰᠢᠯᠢ ᠶᠢᠨ ᠭᠤᠤᠯ ᠤᠨ ᠡᠪᠤᠯ ᠤᠨ ᠤᠯᠠᠷᠢᠯ ᠤᠨ ᠵᠤᠭᠠᠴᠠᠯ ᠤᠨ ᠨᠡᠷᠡᠲᠦ ᠪᠦᠲᠦᠭᠡᠭᠲᠡᠬᠦᠨ ᠪᠤᠯᠭᠠᠨ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠢ ᠲᠠᠳᠠᠬᠤ ᠪᠠᠷ ᠪᠠᠶᠢᠨ᠎ᠠ᠃ ᠭᠤᠤᠯ ᠠᠭᠤᠯᠭ᠎ᠠ ᠳᠤ 2018 ᠤᠨ ᠤ 12 ᠰᠠᠷ᠎ᠠ ᠶᠢᠨ 31᠎ ᠤ ᠡᠳᠦᠷ ᠲᠤ᠂ ᠰᠢᠯᠢ ᠶᠢᠨ ᠬᠤᠳᠠ ᠶᠢᠨ ᠰᠢᠷᠡᠭᠡᠲᠦ ᠠᠭᠤᠯᠠ ᠦᠵᠡᠮᠵᠢ ᠶᠢᠨ ᠳᠠᠪᠴᠠᠩ ᠳᠤ ︽ᠵᠢᠷᠭᠠᠬᠤ ᠨᠠᠷᠠᠨ ᠤ ᠳᠤᠶᠠᠭᠠᠨ ᠳᠤ 2018 ᠤᠨ ᠢᠶᠠᠨ ᠦᠳᠡᠬᠦ︾ ᠠᠵᠢᠯᠯᠠᠭ᠎ᠠ᠂ ᠮᠧᠩ ᠰᠢ ᠶᠠ ᠪᠠᠭᠤᠳᠠᠯ ᠳᠤ ︽ᠰᠢᠯᠢ ᠶᠢᠨ ᠭᠤᠤᠯ ᠤᠨ ᠮᠤᠩᠭᠤᠯ ᠢᠳᠡᠭᠡᠨ ᠤ ᠨᠠᠢᠮᠠᠨ ᠭᠠᠶᠢᠬᠠᠮᠰᠢᠭ︾᠎ ᠤᠨ ᠲᠠᠨᠢᠯᠴᠠᠭᠤᠯᠭ᠎ᠠ ᠪᠠ ᠰᠢᠨ᠎ᠠ ᠤᠨ ᠢᠶᠠᠨ ᠤᠬᠳᠤᠬᠤ ᠲᠠᠶᠢᠯᠠᠯᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠴᠢ᠊ · ᠪᠤᠯᠠᠭ ᠤᠯᠠᠨ ᠤᠯᠤᠰ ᠤᠨ ᠮᠤᠷᠢᠨ ᠬᠤᠭᠤᠷ ᠤᠨ ᠲᠡᠭᠡᠲᠦ ᠰᠤᠷᠭᠠᠭᠤᠯᠢ ᠳᠤ ︽ᠮᠤᠷᠢᠨ ᠬᠤᠭᠤᠷ ᠤᠨ ᠰᠢᠨ᠎ᠠ ᠤᠨ ᠤ ᠲᠠᠭᠤᠤ ᠬᠦᠭᠵᠢᠮ ᠤᠨ ᠴᠢᠭᠤᠯᠭᠠᠨ︾᠂ ᠮᠤᠩᠭᠤᠯ ᠭᠡᠯᠡ ᠪᠠ ᠰᠤᠶᠤᠯ ᠤᠷᠠᠯᠢᠭ ᠤᠨ ᠲᠡᠭᠡᠳᠤ ᠰᠤᠷᠭᠠᠭᠤᠯᠢ ᠳᠤ ︽ᠮᠤᠩᠭᠤᠯ ᠪᠦᠵᠢᠭ ᠪᠠ ᠮᠤᠩᠭᠤᠯ ᠲᠠᠭᠤᠤ ᠰᠤᠷᠬᠤ︾ ᠠᠵᠢᠯᠯᠠᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠲᠡᠮᠢᠷ ᠤᠨ ᠤᠷᠳᠤᠨ ᠳᠤ ᠰᠢᠨ᠎ᠠ ᠤᠨ ᠤ ᠲᠠᠭᠤᠤ ᠪᠦᠵᠢᠭ ᠤᠨ ᠦᠳᠡᠰᠢᠯᠡᠭᠡ ᠪᠠ ︽ᠦᠷᠭᠡᠨ ᠠᠭᠤᠳᠠᠮ ᠲᠠᠯ᠎ᠠ ᠨᠤᠳᠤᠭ ᠤᠨ ᠬᠡᠶᠢᠮᠦᠷᠢ ᠶᠢᠨ ᠲᠠᠯᠠᠯᠭ᠎ᠠ︾ ᠰᠢᠨ᠎ᠠ ᠤᠨ ᠢᠶᠠᠨ ᠤᠭᠳᠤᠬᠤ ᠠᠵᠢᠯᠯᠠᠭ᠎ᠠ ᠵᠡᠷᠭᠡ ᠪᠠᠭᠳᠠᠵᠤ᠂ 2019 ᠤᠨ ᠤ 1 ᠰᠠᠷ᠎ᠠ ᠶᠢᠨ 1᠎ ᠤ ᠡᠳᠦᠷ ᠲᠤ᠂ ᠰᠢᠯᠢ ᠶᠢᠨ ᠬᠤᠳᠠ ᠶᠢᠨ ᠡᠷᠳᠡᠨᠢ ᠤᠪᠤᠭ᠎ᠠ ᠳᠤ ︽ᠬᠡᠶᠢᠮᠦᠷᠢ ᠶᠢᠨ ᠲᠠᠯᠠᠯᠭ᠎ᠠ︾ ᠰᠢᠨ᠎ᠠ ᠤᠨ ᠤ ᠨᠠᠷᠠ ᠶᠢ ᠤᠭᠳᠤᠬᠤ ᠠᠵᠢᠯᠯᠠᠭ᠎ᠠ᠂ ᠰᠢᠯᠢ ᠶᠢᠨ ᠭᠤᠤᠯ ᠤᠨ ᠲᠠᠯ᠎ᠠ ᠨᠤᠳᠤᠭ ᠤᠨ ᠮᠠᠯᠴᠢᠳ ᠤᠨ ᠤᠯᠠᠮᠵᠢᠯᠠᠯᠳᠤ ᠨᠠᠭᠠᠳᠤᠮ ᠤᠨ ᠲᠠᠯᠠᠪᠠᠢ ᠶᠢᠨ ᠦᠵᠡᠮᠵᠢ ᠶᠢᠨ ᠤᠷᠤᠨ ᠳᠤ ︽ᠲᠠᠪᠤᠨ ᠬᠤᠰᠢᠭᠤ ᠮᠠᠯ ᠤᠨ ᠲᠠᠯᠠᠯᠭ᠎ᠠ︾᠎ ᠶᠢᠨ ᠶᠤᠰᠤᠯᠠᠯ ᠶᠠᠪᠤᠭᠳᠠᠭᠤᠯᠵᠤ᠂ ᠰᠢᠯᠢ ᠶᠢᠨ ᠭᠤᠤᠯ ᠠᠶᠢᠮᠠᠭ ᠤᠨ ᠭᠠᠵᠠᠷ ᠵᠦᠢ ᠶᠢᠨ ᠢᠯᠡᠳᠭᠡᠮᠵᠢ ᠶᠢᠨ ᠪᠦᠲᠦᠭᠡᠭᠲᠡᠬᠦᠨ ᠤ ᠲᠡᠯᠭᠡᠨ ᠦᠵᠡᠬᠦᠯᠭᠡ ᠪᠠ ᠰᠢᠯᠢ ᠶᠢᠨ ᠭᠤᠤᠯ ᠠᠶᠢᠮᠠᠭ ᠤᠨ ᠮᠦᠽᠸᠢ ᠶᠢ ᠲᠤᠭᠤᠷᠢᠨ ᠦᠵᠡᠨ᠎ᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号