ᠮᠠᠨ ᠤ ᠠᠶᠢᠮᠠᠭ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠭᠤᠷᠪᠠᠳᠠᠬᠢ ᠡᠳᠡᠬᠡᠳ ᠤᠨ ᠲᠤᠰᠬᠠᠢ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018/2/10
   ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮᠵᠢᠭᠰᠡᠨ᠂ ᠪᠠᠷᠢᠮᠵᠢᠶᠠᠵᠢᠭᠰᠠᠨ᠂ ᠮᠡᠳᠡᠭᠡ ᠵᠠᠩᠬᠢᠴᠢᠯᠠᠭᠰᠠᠨ ᠬᠠᠮᠢᠶᠠᠷᠤᠯᠳᠠ ᠶᠢ ᠲᠡᠬᠦᠯᠳᠡᠷᠵᠢᠬᠦᠯᠵᠦ᠂ ᠨᠠᠮ ᠤᠨ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠦ᠂ ᠮᠤᠩᠭᠤᠯ ᠬᠡᠯᠡ ᠪᠢᠴᠢᠭ ᠤᠨ ᠤᠬᠢ ᠰᠠᠶᠢᠨ ᠤᠷᠴᠢᠨ ᠲᠤᠭᠤᠷᠢᠨ ᠢ ᠴᠢᠷᠮᠠᠶᠢᠨ ᠡᠬᠦᠳᠬᠦ ᠶᠢᠨ ᠲᠤᠯᠠᠳᠠ᠂ ᠪᠦᠬᠦ ᠠᠶᠢᠮᠠᠭ ᠤᠨ ᠦᠨᠳᠦᠰᠦᠳᠡᠨ ᠤ ᠠᠵᠢᠯ ᠤᠨ ᠮᠤᠩᠭᠤᠯ ᠬᠡᠯᠡ ᠪᠢᠴᠢᠭ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠤᠷᠠᠳᠤᠨ ᠭᠠᠷᠭᠠᠭᠰᠠᠨ ᠮᠠᠨ ᠤ ᠠᠶᠢᠮᠠᠭ ᠤᠨ ᠮᠤᠩᠭᠤᠯ ᠬᠡᠯᠡ ᠪᠢᠴᠢᠭ ᠤᠨ ᠠᠵᠢᠯ ᠤᠨ ᠲᠠᠯ᠎ᠠ ᠪᠠᠷ ᠬᠢ ᠤᠷᠤᠰᠢᠵᠤ ᠪᠠᠶᠢᠭ᠎ᠠ ᠠᠰᠠᠭᠤᠳᠠᠯ ᠢ ᠵᠠᠯᠠᠷᠠᠭᠤᠯᠬᠤ ᠠᠵᠢᠯ ᠤᠨ ᠱᠠᠭᠠᠷᠳᠠᠯᠭ᠎ᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠵᠦᠪᠰᠢᠶᠡᠷᠡᠯ ᠢᠶᠠᠷ ᠠᠶᠢᠮᠠᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠭᠤᠷᠪᠠᠳᠠᠬᠢ ᠡᠳᠡᠬᠡᠳ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠪᠠᠶᠢᠴᠠᠭᠠᠯᠳᠠ ᠶᠢᠨ ᠲᠤᠭᠤᠢᠢᠯᠠᠩ ᠢ ᠵᠤᠬᠢᠶᠠᠨ ᠪᠠᠶᠢᠭᠤᠯᠵᠤ᠂ 2017 ᠤᠨ ᠤ 12 ᠰᠠᠷ᠎ᠠ ᠶᠢᠨ 5 ᠤ ᠡᠳᠦᠷ ᠠᠴᠠ ᠡᠬᠢᠯᠡᠨ ᠪᠦᠬᠦ ᠠᠶᠢᠮᠠᠭ ᠤᠨ 13 ᠬᠤᠰᠢᠭᠤ ᠰᠢᠶᠠᠨ ︵ᠬᠤᠳᠠ︶ ᠪᠠ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ᠂ ᠠᠵᠤ ᠠᠬᠤᠢᠢᠯᠠᠯ ᠢᠶᠠᠷ ᠬᠦᠨᠵᠡᠬᠡᠶᠢᠷᠡᠨ᠂ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠢ ᠲᠤᠤᠱᠯᠠᠭᠤᠯᠤᠨ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠲᠤᠰᠬᠠᠢ ᠪᠠᠶᠢᠴᠠᠭᠠᠯᠳᠠ ᠦᠷᠨᠢᠬᠦᠯᠵᠠᠢ᠃        ᠪᠠᠶᠢᠴᠠᠭᠠᠯᠳᠠ ᠶᠢᠨ ᠲᠤᠭᠤᠢᠢᠯᠠᠩ ᠨᠢ ᠠᠶᠢᠮᠠᠭ᠂ ᠬᠤᠰᠢᠭᠤ ᠰᠢᠶᠠᠨ ︵ᠬᠤᠳᠠ︶ ᠤ ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠡ᠂ ᠠᠵᠤ ᠠᠬᠤᠢᠢᠯᠠᠯ ᠤᠨ ᠤᠷᠴᠢᠭᠤᠯᠭ᠎ᠠ ᠶᠢᠨ ᠠᠵᠢᠯ᠂ ᠴᠤᠩᠬᠤᠪᠴᠢ ᠦᠢᠯᠡᠴᠢᠯᠡᠭᠡ ᠪᠠ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ ᠬᠡᠷᠡᠭᠯᠡᠯᠳᠡ ᠶᠢᠨ ᠪᠠᠶᠢᠳᠠᠯ ᠢ ᠪᠠᠶᠢᠴᠠᠭᠠᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠢ ᠤᠢᠢᠯᠠᠭᠠᠨ᠂ ᠬᠤᠶᠢᠰᠢᠳᠠ ᠶᠢᠨ ᠠᠵᠢᠯ ᠤᠨ ᠳᠤᠬᠠᠢ ᠰᠠᠨᠠᠯ ᠵᠦᠪᠯᠡᠯᠬᠡ ᠬᠤᠷᠢᠶᠠᠵᠠᠢ᠃        ᠤᠢᠢᠯᠠᠭᠠᠭᠰᠠᠨ ᠢᠶᠠᠷ᠂ ᠲᠤᠰ ᠤᠳᠠᠭᠠᠨ ᠤ ᠭᠤᠷᠪᠠᠳᠡᠬᠢ ᠡᠳᠡᠬᠡᠳ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠪᠠᠶᠢᠴᠠᠭᠠᠯᠳᠠ ᠨᠢ ᠪᠦᠬᠦ ᠠᠶᠢᠮᠠᠭ ᠲᠤ ᠠᠩᠬᠠᠳᠠᠭᠴᠢ ᠤᠳᠠᠭ᠎ᠠ ᠶᠠᠪᠤᠭᠳᠠᠵᠤ᠂ ᠮᠠᠨ ᠤ ᠠᠶᠢᠮᠠᠭ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠢ ᠲᠤᠤᠱᠯᠠᠭᠤᠯᠤᠨ ᠬᠡᠷᠡᠭᠵᠢᠬᠦᠯᠵᠦ ᠪᠠᠶᠢᠭ᠎ᠠ ᠠᠵᠢᠯ ᠤᠨ ᠲᠤᠮᠳᠠᠬᠢ ᠤᠯᠤᠭᠰᠠᠨ ᠠᠮᠵᠢᠯᠳᠠ ᠪᠠ ᠤᠷᠤᠰᠢᠵᠤ ᠪᠠᠶᠢᠬᠤ ᠠᠰᠠᠭᠤᠳᠠᠯ ᠢ ᠤᠢᠢᠯᠠᠭᠠᠨ ᠡᠵᠡᠮᠰᠢᠬᠦ ᠳᠤ ᠢᠳᠡᠪᠬᠢ ᠦᠢᠯᠡᠳᠦᠯ ᠦᠵᠡᠬᠦᠯᠵᠦ᠂ ᠪᠦᠬᠦ ᠠᠶᠢᠮᠠᠭ ᠤᠨ ᠮᠤᠩᠭᠤᠯ ᠬᠡᠯᠡ ᠪᠢᠴᠢᠭ ᠤᠨ ᠠᠵᠢᠯ ᠤᠨ ᠡᠷᠡᠬᠦᠯ ᠢᠶᠠᠷ ᠬᠦᠭᠵᠢᠬᠦ ᠳᠤ ᠴᠢᠬᠤᠯᠠ ᠲᠦᠯᠬᠢᠴᠡ ᠬᠦᠴᠦᠨ ᠪᠤᠯᠬᠤ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号