ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠶᠡᠭᠡ‌ᠬᠤᠷᠠᠯ ᠬᠤᠷᠠᠯᠳᠤᠭᠤᠯᠵᠤ ᠪᠦᠬᠦ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2018/2/10
   2 ᠰᠠᠷ᠎ᠠ ᠶᠢᠨ 4 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠶᠡᠭᠡ ᠬᠤᠷᠠᠯ ᠬᠤᠷᠠᠯᠳᠤᠭᠤᠯᠵᠦ᠂ ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠠ ᠥᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠮᠠᠨ ᠤ ᠠᠶᠢᠮᠠᠭ ᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠦ᠂ ᠨᠠᠷᠢᠨ ᠬᠢᠨᠠᠮᠠᠭᠠᠢ ᠰᠤᠷᠤᠯᠴᠠᠨ ᠦᠢᠯᠠᠭᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠲᠡᠭᠡᠷ᠎ᠡ ᠨᠢᠬᠡᠳᠦᠬᠦᠯᠵᠦ᠂ ᠠᠷᠭ᠎ᠠ ᠬᠡᠮᠵᠢᠶ᠎ᠡ ᠪᠠᠨ ᠡᠷᠴᠢᠮᠵᠢᠬᠦᠯᠵᠦ᠂ ᠨᠠᠶᠢᠳᠠᠪᠤᠷᠢᠵᠢᠯᠲᠠ ᠶᠢ ᠴᠢᠩᠭᠠᠳᠬᠠᠵᠦ᠂ ᠡᠯ᠎ᠡ ᠵᠦᠢᠯ ᠤᠨ ᠠᠵᠢᠯ ᠢ ᠰᠢᠨ᠎ᠡ ᠲᠡᠭᠳᠡᠷ ᠲᠤ ᠭᠠᠷᠭᠠᠬᠤ ᠭᠡᠵᠤ ᠴᠢᠬᠤᠯᠠᠴᠢᠯᠠᠪᠠ᠃    ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠦᠪᠯᠡᠯᠬᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠠᠶᠢᠮᠠᠭ ᠤᠨ ᠲᠤᠮᠳᠠ ᠵᠡᠷᠭᠡ ᠶᠢᠨ ᠠᠷᠠᠳ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠤᠯᠤᠰ ᠤᠨ ᠠᠮᠤᠷ ᠢ ᠬᠠᠮᠠᠭᠠᠯᠠᠬᠤ ᠲᠤᠪᠴᠢᠶᠠᠨ ᠤ ᠭᠤᠤᠯ ᠤᠳᠤᠷᠢᠳᠤᠯᠭ᠎ᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠡᠯ᠎ᠠ ᠠᠵᠦ ᠠᠬᠤᠢᠢᠯᠠᠯ ᠠᠵᠢᠯ ᠦᠢᠯᠡᠰ ᠤᠨ ᠨᠢᠬᠡᠴᠡ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃    ᠯᠦᠸᠧ ᠬᠤ᠋ ᠽᠠᠢ ᠵᠢᠭᠠᠬᠤ ᠳᠠᠭᠠᠨ᠂ ᠪᠦᠬᠦ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠰᠠᠶᠢᠲᠤᠷ ᠤᠬᠠᠭᠤᠯᠤᠨ ᠲᠤᠤᠱᠯᠠᠭᠤᠯᠬᠤ ᠪᠤᠯ ᠤᠳᠤᠬᠠᠨ ᠤ ᠴᠢᠬᠤᠯᠡ ᠤᠯᠤᠰ ᠲᠦᠷᠦ ᠶᠢᠨ ᠡᠭᠦᠷᠭᠡ ᠪᠠᠶᠢᠵᠦ᠂ ᠪᠦᠬᠦ ᠠᠶᠢᠮᠠᠭ ᠲᠠᠶᠠᠭᠠᠷ ᠡᠷᠭᠡᠪᠰᠢ ᠲᠦᠷᠭᠡᠨ ᠬᠦᠳᠡᠯᠦᠯᠴᠡᠵᠦ᠂ ᠨᠢᠬᠡᠳᠦᠯᠲᠠᠢ ᠲᠦᠯᠦᠪᠵᠢᠬᠦᠯᠵᠦ᠂ ︽ᠬᠤᠶᠠᠷ ᠬᠤᠷᠠᠯ︾ ᠤᠨ ᠠᠮᠵᠢᠯᠲᠠ ᠪᠦᠲᠦᠮᠵᠢ᠂ ᠴᠢᠬᠤᠯᠡ ᠶᠡᠭᠡ ᠪᠠᠶᠢᠷᠢᠯᠠᠭᠤᠯᠤᠯᠲᠠ ᠶᠢ ᠺᠠᠳ᠋ᠷ ᠤᠯᠠᠨ ᠲᠦᠮᠡᠨ ᠳᠤ ᠲᠠᠮᠵᠢᠭᠤᠯᠵᠦ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠬᠤᠷᠠᠯ ᠤᠨ ᠵᠤᠷᠢᠭ ᠰᠠᠨᠠᠭ᠎ᠠ ᠲᠡᠭᠡᠷ᠎ᠡ ᠨᠢᠭᠡᠳᠦᠭᠦᠯᠵᠦ᠂ ᠪᠤᠳᠠᠳᠠᠢ ᠲᠠᠢ ᠪᠠᠨ ᠤᠶᠠᠯᠳᠤᠭᠤᠯᠵᠦ ᠨᠠᠶᠢᠳᠠᠪᠤᠷᠢᠵᠢᠭᠤᠯᠬᠤ ᠶᠢ ᠠᠳᠬᠤᠵᠦ᠂ ᠥᠪᠡᠷᠲᠡᠭᠡᠨ ᠵᠠᠰᠠᠬᠤ ᠤᠷᠤᠨ ᠤ ︽ᠬᠤᠶᠠᠷ ᠬᠤᠷᠠᠯ︾ ᠠᠴᠠ ᠲᠤᠭᠳᠠᠭᠠᠭᠰᠠᠨ ᠡᠯ᠎ᠠ ᠵᠦᠢᠯ ᠤᠨ ᠰᠢᠢᠳᠪᠦᠷᠢᠳᠤ ᠪᠠᠶᠢᠷᠢᠯᠠᠭᠤᠯᠤᠯᠲᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠭᠡᠪᠡ᠃    ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠭᠤᠷᠪᠡᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠢᠯᠡᠯᠲᠡ ᠶᠢ ᠲᠡᠮᠡᠴᠡᠨ ᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠦᠨᠳᠦᠷ ᠴᠢᠨᠠᠷᠵᠢᠯ ᠲᠠᠢ ᠭᠦᠭᠵᠢᠯᠲᠠ ᠶᠢ ᠠᠬᠢᠭᠤᠯᠬᠤ ᠳᠤ ᠰᠢᠨ᠎ᠡ ᠦᠷ᠎ᠡ ᠪᠦᠲᠦᠮᠵᠢ ᠭᠠᠷᠭᠠᠬᠤ ᠭᠡᠷᠡᠭᠲᠡᠢ᠃ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠨᠢᠬᠡ ᠠᠯᠬᠤᠮ ᠴᠢᠩᠭᠠᠳᠬᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠠᠵᠢᠯ ᠢ ᠯᠠᠪᠳᠠᠭᠤᠨ ᠠᠬᠢᠭᠤᠯᠵᠦ᠂ ᠬᠠᠤᠯᠢᠵᠢᠯ ᠰᠢᠯᠢ ᠶᠢᠨ ᠭᠤᠤᠯ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠠᠮᠵᠢᠯᠲᠠ ᠶᠢ ᠡᠬᠦᠳᠬᠦ ᠬᠡᠷᠡᠭᠲᠡᠢ᠃ ᠪᠦᠬᠦ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠤ ᠪᠠᠶᠢᠷᠢᠯᠠᠭᠤᠯᠤᠯᠲᠠ ᠲᠠᠢ ᠰᠠᠶᠢᠳᠤᠷ ᠤᠶᠠᠯᠳᠤᠭᠤᠯᠤᠨ ᠨᠠᠶᠢᠳᠠᠪᠤᠷᠢᠵᠢᠭᠤᠯᠵᠦ᠂ ᠡᠯ᠎ᠠ ᠵᠦᠢᠯ ᠤᠨ ᠠᠵᠢᠯ ᠢ ᠲᠦᠯᠦᠪᠵᠢᠬᠦᠯᠦᠨ ᠠᠬᠢᠭᠤᠯᠬᠤ ᠭᠡᠷᠡᠭᠲᠡᠢ᠃ ᠡᠯ᠎ᠠ ᠭᠠᠵᠠᠷ ᠡᠯ᠎ᠡ ᠰᠠᠯᠠᠭ᠎ᠠ ᠮᠥᠴᠢᠷ ᠡᠷᠬᠡᠪᠰᠢ ᠨᠢᠭᠡᠳᠦᠯᠲᠠᠢ ᠲᠦᠯᠦᠪᠵᠢᠬᠦᠯᠵᠦ ᠨᠡᠶᠢᠳᠡᠮ ᠳᠤᠨᠢ ᠬᠠᠷᠠᠭᠠᠯᠵᠠᠵᠦ᠂ ᠠᠵᠦ ᠠᠬᠤᠢ ᠶᠢᠨ ᠲᠤᠬᠢᠷᠠᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠲᠤᠭᠳᠠᠭᠤᠨ ᠢ ᠬᠠᠮᠠᠭᠠᠯᠠᠬᠤ᠂ ᠵᠢᠵᠢᠬᠦᠷᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠠᠳᠬᠤᠵᠦ᠂ ᠴᠠᠭᠠᠨ ᠰᠠᠷ᠎ᠠ ᠶᠢᠨ ᠬᠤᠭᠤᠴᠠᠭᠠᠨ ᠤ ᠰᠠᠬᠢᠯᠭ᠎ᠠ ᠪᠠᠲᠤ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠵᠦ᠂ ᠪᠠᠶᠠᠷ ᠬᠦᠷ ᠲᠠᠢ᠂ ᠠᠮᠤᠷ ᠲᠠᠶᠢᠪᠤᠩ᠂ ᠠᠷᠢᠭᠤᠨ ᠴᠢᠬᠡᠴᠢ ᠴᠠᠭᠠᠨ ᠰᠠᠷ᠎ᠠ ᠶᠢᠨ ᠪᠠᠶᠠᠷ ᠢ ᠦᠡᠭᠬᠡᠷᠡᠬᠦᠯᠬᠦ ᠶᠢ ᠪᠠᠳᠤᠯᠠᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号