ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ 2017 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/2/10
   2 ᠰᠠᠷ᠎ᠡ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ 2017 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠭᠤᠤᠯ ᠰᠡᠳᠦᠪ ᠪᠤᠯᠭᠠᠵᠦ᠂ ︽ᠰᠢᠨ᠎ᠡ ᠪᠠᠶᠢᠳᠠᠯ ᠲᠤᠤᠷᠠᠬᠢ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠲᠤᠭᠳᠠᠭᠠᠯ ᠤᠳ︾ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠲᠤᠭᠠᠲᠤ ᠶᠢᠨ ᠬᠢᠨᠠᠯᠲᠠ ᠶᠢᠨ ᠲᠦᠷᠢᠮ︾ ᠵᠡᠷᠭᠡ ᠨᠠᠮ ᠤᠨ ᠲᠤᠲᠤᠭᠠᠲᠤ ᠶᠢᠨ ᠲᠦᠷᠢᠮ ᠲᠤᠭᠳᠠᠭᠠᠯ ᠢᠶᠠᠷ ᠬᠠᠷᠢᠴᠠᠭᠤᠯᠤᠯ ᠪᠤᠯᠭᠠᠵᠦ᠂ ᠦᠵᠡᠯ ᠰᠠᠨᠠᠭ᠎ᠠ ᠪᠠ ᠠᠵᠢᠯ ᠤᠨ ᠪᠤᠳᠠᠳᠤ ᠪᠠᠶᠢᠳᠠᠯ ᠢ ᠤᠶᠠᠯᠳᠤᠭᠤᠯᠵᠦ᠂ ᠴᠢᠩᠭ᠎ᠠ ᠬᠢᠨᠠᠮᠠᠭᠠᠢ ᠪᠠᠷ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠦᠷᠨᠢᠬᠦᠯᠪᠡ᠃        ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠪᠠᠢ ᠢᠤᠢ ᠭᠠᠩ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠨ ᠵᠢᠭᠠᠨ ᠵᠢᠯᠤᠭᠤᠳᠪᠠ᠃ ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠥᠪᠡᠷᠲᠡᠭᠡᠨ ᠵᠠᠰᠠᠬᠤ ᠤᠷᠤᠨ ᠤ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠲᠦᠷᠢᠮᠵᠢᠬᠦᠯᠬᠦ ᠲᠦᠷᠪᠡᠳᠦᠭᠡᠷ ᠪᠠᠶᠢᠴᠠᠭᠠᠨ ᠵᠢᠯᠤᠭᠤᠳᠬᠤ ᠲᠤᠭᠤᠢᠢᠯᠠᠩ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠵᠦ ᠵᠢᠭᠠᠨ ᠵᠢᠯᠤᠭᠤᠳᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠢ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠡᠰᠢᠬᠦᠳ ᠬᠤᠷᠠᠯ ᠳᠤ ᠤᠷᠤᠯᠴᠠᠵᠦ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠡᠤ ᠭᠦᠸᠧ ᠳ᠋ᠦᠩ ᠬᠤᠷᠠᠯ ᠳᠤ ᠰᠤᠯᠠ ᠤᠷᠤᠯᠴᠠᠪᠠ᠃    ᠬᠤᠷᠠᠯ ᠲᠡᠭᠡᠷ᠎ᠡ᠂ ︽2017 ᠤᠨ ᠤ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷᠡᠬᠢ ᠰᠠᠨᠠᠯ ᠰᠠᠨᠠᠭᠤᠯᠭ᠎ᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠲᠡ︾  ᠶᠢ ᠪᠢᠴᠢᠭ ᠤᠨ ᠬᠡᠯᠪᠡᠷᠢ ᠪᠠᠷ ᠮᠡᠳᠡᠭᠳᠡᠪᠡ᠃ ᠯᠦᠸᠧ ᠬᠤ᠋ ᠽᠠᠢ ᠡᠩ ᠲᠡᠷᠢᠬᠦᠨ ᠳᠤ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠦᠯᠦᠭᠡᠯᠡᠨ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠵᠠᠯᠭᠠᠪᠡᠷ ᠬᠤᠪᠢ ᠬᠦᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠦᠷᠨᠢᠬᠦᠯᠵᠦ ᠬᠠᠷᠢᠯᠴᠠᠨ ᠰᠢᠬᠦᠮᠵᠢᠯᠡᠯ ᠬᠢᠵᠠᠢ᠃     ᠤᠳᠤᠷᠢᠳᠬᠤ ᠪᠠᠭ ᠪᠠ ᠬᠤᠪᠢ ᠬᠦᠮᠦᠨ ᠤ ᠪᠠᠶᠢᠴᠠᠭᠠᠯᠲᠠ ᠶᠢ ᠰᠤᠨᠤᠰᠤᠭᠰᠠᠨ ᠤ ᠳᠠᠷᠠᠭ᠎ᠠ᠂ ᠪᠠᠢ ᠢᠤᠢ ᠭᠠᠩ ᠦᠨᠡᠯᠡᠯᠲᠡ ᠶᠢᠨ ᠶᠠᠷᠢᠶ᠎ᠠ ᠲᠠᠯᠪᠢᠪᠠ᠃ ᠲᠡᠷᠡ ᠵᠢᠭᠠᠬᠤ ᠳᠠᠭᠠᠨ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠤᠯ ᠰᠡᠳᠤᠪ ᠲᠠᠢ ᠪᠠᠨ ᠨᠢᠭᠳᠠ ᠠᠪᠴᠠᠯᠳᠤᠵᠦ᠂ ᠬᠤᠷᠠᠯ ᠤᠨ ᠠᠭᠤᠷ ᠠᠮᠢᠰᠬᠤᠯ ᠲᠦᠪ ᠴᠢᠩᠭ᠎ᠠ ᠡᠷᠡᠬᠦᠯ ᠵᠤᠬᠢᠴᠠᠩᠭᠤᠢ ᠪᠠᠶᠢᠵᠦ᠂ ᠦᠵᠡᠯ ᠰᠠᠨᠠᠭ᠎ᠠ ᠪᠠᠨ ᠨᠢᠭᠡᠳᠦᠬᠦᠯᠵᠦ᠂ ᠪᠦᠯᠬᠦᠮᠳᠠᠯ ᠢ ᠠᠬᠢᠭᠤᠯᠵᠦ᠂ ᠬᠠᠮᠳᠤᠷᠠᠯ ᠤᠨ ᠬᠦᠴᠦᠨ ᠢ ᠨᠢᠭᠳᠠᠷᠠᠭᠤᠯᠬᠤ ᠵᠤᠷᠢᠯᠭ᠎ᠠ ᠳᠠᠭᠠᠨ ᠬᠦᠷᠴᠡᠢ ᠭᠡᠪᠡ᠃         ᠪᠠᠢ ᠢᠤᠢ ᠭᠠᠩ ᠴᠢᠬᠤᠯᠠᠴᠢᠯᠠᠬᠤ ᠳᠠᠭᠠᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷ᠎ᠠ ᠪᠠᠶᠢᠴᠠᠭᠠᠨ ᠭᠠᠷᠭᠠᠭᠰᠠᠨ ᠠᠰᠠᠭᠤᠳᠠᠯ ᠪᠠ ᠰᠢᠬᠦᠮᠵᠢᠯᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠬᠢᠨᠡᠯᠲᠡ ᠶᠢ ᠬᠦᠯᠢᠶᠡᠵᠤ᠂ ᠦᠭᠡᠳᠡᠯᠡᠨ ᠲᠠᠪᠰᠢᠬᠰᠠᠨ᠂ ᠠᠵᠢᠯ ᠬᠢᠵᠤ ᠦᠢᠯᠡᠰ ᠪᠦᠲᠦᠭᠡᠬᠦ᠂ ᠰᠤᠷᠳᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢᠳᠤᠷᠠᠯ ᠢ ᠪᠤᠢ ᠪᠤᠯᠭᠠᠬᠤ ᠭᠡᠷᠡᠭᠲᠡᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠪᠲᠡᠷᠭᠡᠢ ᠦᠢᠯᠠᠭᠠᠵᠤ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠭᠡᠷᠡᠭᠲᠡᠢ᠃ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠪᠠᠷ ᠵᠢᠯᠤᠭᠤᠳᠤᠭᠤᠯᠵᠤ᠂ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ᠃ ᠶᠡᠷᠦᠩᠭᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠭᠡᠰᠢᠬᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠᠷ ᠵᠢᠯᠤᠭᠤᠳᠤᠭᠤᠯᠵᠤ᠂ ᠤᠯᠠᠭᠠᠨᠮᠦ᠋ᠴᠢᠷ ᠤᠨ ᠠᠵᠢᠯ ᠢ ᠰᠠᠶᠢᠳᠤᠷ ᠬᠢᠬᠦ ᠭᠡᠷᠡᠭᠲᠡᠢ᠃ ᠬᠦᠭᠵᠢᠯᠲᠡ ᠶᠢᠨ ᠰᠢᠨ᠎ᠠ ᠦᠢᠯᠠᠭᠠᠭᠳᠠᠬᠤᠨ ᠢᠶᠠᠷ ᠵᠢᠯᠤᠭᠤᠳᠤᠭᠤᠯᠵᠤ᠂ ᠲᠠᠯ᠎ᠠ ᠨᠤᠳᠤᠭ ᠤᠨ ᠠᠮᠢ ᠠᠬᠤᠢ ᠪᠠ ᠲᠠᠯ᠎ᠠ ᠨᠤᠳᠤᠭ ᠤᠨ ᠰᠤᠶᠤᠯ ᠤᠨ ᠬᠠᠮᠠᠭᠠᠯᠠᠯᠲᠠ ᠠᠰᠢᠭᠯᠠᠯᠲᠠ ᠶᠢ ᠨᠢᠭᠡᠲᠦᠯᠲᠡᠢ ᠠᠬᠢᠭᠤᠯᠬᠤ ᠭᠡᠷᠡᠭᠲᠡᠢ ᠭᠡᠪᠡ᠃        ᠯᠦᠸᠧ ᠬᠤ᠋ ᠽᠠᠢ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠭᠰᠠᠨ ᠨᠢ᠂ ᠠᠶᠢᠮᠠᠭ ᠤᠨ ᠨᠠᠮ ᠤᠨ ᠬᠤᠷᠢᠶ᠎ᠠ ᠵᠢᠴᠢ ᠤᠳᠤᠷᠢᠳᠬᠤ ᠪᠠᠭ ᠤᠨ ᠪᠦᠷᠢᠯᠳᠦᠬᠦᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠰᠢᠨ᠎ᠠ ᠭᠠᠷᠤᠭ᠎ᠠ ᠪᠤᠯᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠩᠬᠦᠢ ᠨᠢᠭᠡᠲᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠢ ᠴᠢᠩᠭ᠎ᠠ ᠵᠢᠷᠤᠮᠯᠠᠵᠦ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠡᠯ᠎ᠡ ᠰᠢᠢᠳᠪᠤᠷᠢᠲᠦ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠬᠦᠷᠢᠶ᠎ᠡ ᠭᠡᠪᠴᠢᠶᠠᠨ ᠳᠠᠬᠢ ᠠᠵᠢᠯ ᠢᠶᠠᠨ ᠰᠠᠶᠢᠳᠤᠷ ᠠᠳᠬᠤᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠳᠤ ᠬᠦᠴᠦᠷᠭᠡᠭ ᠶᠡᠭᠡ ᠵᠤᠬᠢᠶᠠᠨ ᠪᠠᠶᠢᠭᠤᠯᠤᠯᠲᠠ ᠶᠢᠨ ᠪᠠᠳᠤᠯᠠᠭ᠎ᠠ ᠬᠠᠩᠭᠠᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号