ᠾᠦᠸᠧ ᠵᠤᠤ ᠯᠢᠶᠠᠩ ᠰᠢᠯᠢ ᠶᠢᠨ ᠬᠤᠳᠠ ᠤᠷᠤᠨ ᠤ ᠭᠡᠰᠡᠭ ᠺᠠᠳ᠋ᠷ ᠤᠯᠠᠨ ᠲᠦᠮᠨᠨ ᠪᠠ ᠴᠡᠷᠢᠭ ᠠᠩᠬᠢ ᠶᠢᠨ ᠲᠠᠷᠤᠭ᠎ᠠ ᠪᠠᠶᠢᠯᠳᠤᠭᠴᠢ ᠶᠢ ᠲᠤᠬᠤᠨᠢᠭᠤᠯᠪᠠ
ᠨᠡᠶᠢᠲᠡᠯᠡᠭᠰᠡᠨ ᠴᠠᠭ᠄
2018/2/13
   2 ᠰᠠᠷ᠎ᠠ ᠶᠢᠨ 8᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠰᠢᠯᠢ ᠶᠢᠨ ᠬᠤᠳᠠ ᠳᠤ ᠬᠦᠨᠵᠡᠭᠡᠶᠢᠷᠡᠵᠤ᠂ ᠭᠡᠰᠡᠭ ᠠᠵᠢᠯ ᠠᠴᠠ ᠪᠠᠨ ᠰᠠᠯᠵᠤ ᠠᠮᠤᠰᠬᠢᠭᠰᠡᠨ ᠪᠠ ᠨᠠᠰᠤᠨ ᠤ ᠠᠮᠠᠷᠠᠯᠳᠠ ᠪᠠᠨ ᠠᠪᠤᠭᠰᠠᠨ ᠠᠬᠠᠮᠠᠳ ᠺᠠᠳ᠋ᠷ᠂ ᠬᠤᠳᠠ ᠤᠷᠤᠭᠰᠠᠨ ᠮᠠᠯᠴᠢᠨ᠂ ᠠᠮᠢᠳᠤᠷᠠᠯ ᠬᠦᠴᠢᠷᠲᠡᠯᠲᠡᠢ ᠠᠵᠢᠯᠴᠢᠨ ᠠᠵᠢᠯᠳᠠᠨ ᠪᠠ ᠰᠢᠯᠢ ᠶᠢᠨ ᠭᠤᠤᠯ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠤᠭᠴᠢ ᠶᠢ ᠲᠤᠬᠤᠨᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢ ᠲᠦᠯᠦᠭᠡᠯᠡᠨ ᠲᠡᠲᠡᠨ ᠳᠤ ᠪᠠᠶᠠᠷ ᠤᠨ ᠡᠳᠦᠷ ᠤᠨ ᠮᠡᠨᠳᠤᠴᠢᠯᠠᠯ ᠬᠦᠷᠭᠡᠪᠡ᠃        ᠾᠦᠸᠧ ᠵᠤᠤ ᠯᠢᠶᠠᠩ ᠤᠷᠢᠳ ᠬᠤᠵᠢᠳ ᠭᠤ · ᠷᠠᠰᠢᠵᠠᠪ᠂ ᠸᠠᠩ ᡁᠢ ᠶᠤᠸᠠᠨ᠂ ᠲᠢᠶᠠᠨ ᠰᠢᠤᠸᠠᠢ ᠴᠧᠨ ᠵᠡᠷᠭᠡ ᠠᠬᠠᠮᠠᠳ ᠺᠠᠳ᠋ᠷ ᠤᠨ ᠳᠤ ᠬᠦᠷᠴᠤ᠂ ᠲᠡᠲᠡᠨ ᠲᠠᠢ ᠲᠤᠳᠤᠨᠤᠰᠤᠭ ᠢᠶᠠᠷ ᠶᠠᠷᠢᠯᠴᠠᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠮᠡᠳᠡᠬᠦᠯᠵᠡᠢ᠃ ᠠᠬᠠᠮᠠᠳ ᠺᠠᠳ᠋ᠷ ᠤᠳ ᠪᠦᠬᠦ ᠠᠶᠢᠮᠠᠭ ᠤᠨ ᠡᠯ᠎ᠡ ᠲᠠᠯ᠎ᠠ ᠶᠢᠨ ᠦᠢᠯᠡᠰ ᠤᠨ ᠬᠦᠭᠵᠢᠯᠲᠡ ᠶᠢ ᠦᠷᠬᠦᠯᠵᠢᠯᠡᠨ ᠠᠩᠬᠠᠷᠴᠤ᠂ ᠤᠯᠠᠨ ᠰᠠᠨᠠᠯ ᠰᠠᠨᠠᠭᠤᠯᠭ᠎ᠠ ᠲᠡᠪᠰᠢᠬᠦᠯᠬᠦ ᠶᠢ ᠬᠦᠰᠡᠵᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠠᠬᠠᠮᠠᠳ ᠺᠠᠳ᠋ᠷ ᠤᠨ ᠠᠮᠢᠳᠤᠷᠠᠯ ᠢ ᠬᠠᠯᠠᠮᠵᠢᠯᠠᠵᠤ᠂ ᠰᠠᠨᠠᠯ ᠰᠠᠨᠠᠭᠤᠯᠭ᠎ᠠ ᠶᠢ ᠨᠢ ᠰᠤᠨᠤᠰᠴᠤ᠂ ᠠᠬᠠᠮᠠᠳ ᠺᠠᠳ᠋ᠷ ᠤᠨ ᠠᠵᠢᠯ ᠢ ᠰᠠᠶᠢᠳᠤᠷ ᠬᠢᠬᠦ ᠭᠡᠷᠡᠭᠲᠡᠢ ᠭᠡᠵᠤ ᠵᠡᠬᠢᠪᠡ᠃        ᠾᠦᠸᠧ ᠵᠤᠤ ᠯᠢᠶᠠᠩ 84 ᠨᠠᠰᠤᠯᠠᠭᠰᠠᠨ ᠮᠠᠵᠢᠭ ᠨᠠᠰᠤᠳᠠᠨ ᠢ ᠲᠤᠬᠤᠨᠢᠭᠤᠯᠵᠤ᠂ ᠲᠡᠬᠦᠨ ᠤ ᠬᠤᠳᠠ ᠤᠷᠤᠵᠤ ᠦᠳᠡᠯᠦᠭᠡ ᠨᠠᠰᠤ ᠪᠠᠨ ᠵᠤᠯ ᠵᠢᠷᠭᠠᠯᠳᠠᠢ ᠦᠩᠭᠡᠷᠡᠭᠡᠵᠤ ᠪᠠᠶᠢᠬᠤ ᠳᠤ ᠮᠠᠰᠢ ᠬᠠᠨᠤᠮᠵᠢᠳᠠᠢ ᠪᠠᠶᠢᠯ᠎ᠠ᠃ ᠾᠦᠸᠧ ᠵᠤᠤ ᠯᠢᠶᠠᠩ ᠪᠠᠰᠠ ᠸᠠᠩ ᠵᠧᠨ᠂ ᠯᠢ ᠰᠢᠶᠤᠤ ᠭᠧᠨ ᠵᠡᠷᠭᠡ ᠤᠨᠴᠠ ᠬᠦᠴᠢᠷᠲᠡᠯᠲᠡᠢ ᠠᠵᠢᠯᠳᠠᠨ ᠤ ᠬᠢᠨ ᠳᠤ ᠬᠦᠷᠴᠤ᠂ ᠲᠡᠲᠡᠨ ᠤ ᠡᠮ ᠡᠮᠨᠡᠯᠭᠡ᠂ ᠠᠵᠢᠯ ᠤᠯᠭᠤᠯᠳᠠ ᠪᠠ ᠦᠷ᠎ᠠ ᠭᠡᠤᠭᠡᠳ ᠤᠨ ᠰᠤᠷᠤᠯᠭ᠎ᠠ ᠵᠡᠷᠭᠡ ᠲᠠᠯ᠎ᠠ ᠶᠢᠨ ᠪᠤᠳᠠᠳᠤ ᠬᠦᠴᠢᠷᠲᠡᠯ ᠢ ᠦᠢᠯᠠᠭᠠᠵᠤ᠂ ᠲᠡᠲᠡᠨ ᠢ ᠨᠠᠮ ᠪᠠ ᠵᠠᠰᠠᠭ ᠤᠨ ᠰᠠᠶᠢᠨ ᠲᠦᠷᠦ ᠶᠢᠨ ᠪᠤᠳᠤᠯᠭ᠎ᠠ ᠳᠤ ᠲᠦᠰᠢᠭᠯᠡᠵᠤ᠂ ᠢᠳᠡᠭᠡᠯ ᠵᠤᠷᠢᠭ ᠢᠶᠠᠨ ᠪᠠᠳᠤᠳᠬᠠᠵᠤ᠂ ᠠᠮᠢᠳᠤᠷᠠᠯ ᠢᠶᠠᠨ ᠴᠢᠷᠮᠠᠶᠢᠨ ᠰᠠᠶᠢᠵᠢᠷᠠᠭᠤᠯᠤᠭᠠᠷᠠᠢ ᠭᠡᠵᠤ ᠵᠤᠷᠢᠭᠵᠢᠭᠤᠯᠪᠠ᠃ ᠬᠠᠮᠢᠶ᠎ᠠ ᠪᠦᠬᠦᠢ ᠰᠠᠯᠠᠭ᠎ᠠ ᠮᠦᠴᠢᠷ ᠠᠮᠢᠳᠤᠷᠠᠯ ᠬᠦᠴᠢᠷᠲᠡᠯᠲᠡᠢ ᠤᠯᠠᠨ ᠲᠦᠮᠡᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠢ ᠪᠠᠶᠡᠷ ᠬᠦᠷ ᠲᠠᠢ ᠰᠢᠨᠡᠯᠡᠭᠦᠯᠬᠦ ᠭᠡᠷᠡᠭᠲᠡᠢ ᠭᠡᠵᠤ ᠵᠠᠬᠢᠪᠡ᠃        ᠾᠦᠸᠧ ᠵᠤᠤ ᠯᠢᠶᠠᠩ ᠵᠡᠪᠰᠡᠭᠳᠤ ᠴᠠᠭᠳᠠᠭᠠᠨ ᠤ ᠰᠢᠯᠢ ᠶᠢᠨ ᠭᠤᠤᠯ ᠠᠶᠢᠮᠠᠭ ᠤᠨ ᠤᠢ ᠰᠢᠭᠤᠢ ᠶᠢᠨ ᠴᠠᠭᠳᠠᠭᠠᠨ ᠤ ᠰᠠᠯᠪᠤᠷᠢ ᠠᠩᠬᠢ ᠳᠤ ᠬᠦᠷᠴᠤ᠂ ᠴᠡᠷᠢᠭ ᠠᠩᠭᠢ ᠶᠢᠨ ᠪᠠᠶᠢᠭᠤᠯᠤᠯᠲᠠ᠂ ᠡᠳᠦᠷ ᠲᠤᠳᠤᠮ ᠤᠨ ᠪᠤᠯᠪᠠᠰᠤᠷᠠᠯ ᠵᠢᠴᠢ ᠲᠠᠷᠤᠭ᠎ᠠ ᠪᠠᠶᠢᠯᠳᠤᠭᠴᠢ ᠶᠢᠨ ᠰᠤᠷᠤᠯᠴᠠᠯᠭ᠎ᠠ ᠠᠮᠢᠳᠤᠷᠠᠯ ᠤᠨ ᠪᠠᠶᠢᠳᠠᠯ ᠵᠡᠷᠭᠡ ᠶᠢ ᠨᠠᠷᠢᠨ ᠦᠢᠯᠠᠭᠠᠵᠤ᠂ ᠰᠢᠯᠢ ᠶᠢᠨ ᠭᠤᠤᠯ ᠳᠤ ᠰᠠᠭᠤᠭ᠎ᠠ ᠪᠦᠬᠦ ᠲᠠᠷᠤᠭ᠎ᠠ ᠪᠠᠶᠢᠯᠳᠤᠭᠴᠢ ᠵᠢᠴᠢ ᠬᠡᠷ ᠪᠦᠯᠢ ᠶᠢᠨ ᠬᠢᠨ ᠳᠤ ᠪᠠᠶᠠᠷ ᠤᠨ ᠡᠳᠦᠷ ᠤᠨ ᠮᠠᠨᠳᠤᠴᠢᠯᠠᠯ ᠲᠡᠪᠰᠢᠬᠦᠯᠪᠡ᠃        ᠰᠢᠯᠢ ᠶᠢᠨ ᠬᠤᠳᠠ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠪᠠᠷ᠎ᠠ ᠪᠤᠯᠵᠤ ᠲᠤᠬᠤᠨᠢᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号