| | 2 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ | ᠾᠦᠸᠧ ᠵᠤᠤ ᠯᠢᠶᠠᠩ ᠰᠢᠯᠢ ᠶᠢᠨ ᠬᠤᠳᠠ ᠳᠤ ᠬᠦᠨᠵᠡᠭᠡᠶᠢᠷᠡᠵᠤ᠂ ᠭᠡᠰᠡᠭ ᠠᠵᠢᠯ ᠠᠴᠠ ᠪᠠᠨ ᠰᠠᠯᠵᠤ ᠠᠮᠤᠰᠬᠢᠭᠰᠡᠨ | ᠪᠠ ᠨᠠᠰᠤᠨ ᠤ ᠠᠮᠠᠷᠠᠯᠳᠠ ᠪᠠᠨ ᠠᠪᠤᠭᠰᠠᠨ ᠠᠬᠠᠮᠠᠳ ᠺᠠᠳ᠋ᠷ᠂ ᠬᠤᠳᠠ ᠤᠷᠤᠭᠰᠠᠨ ᠮᠠᠯᠴᠢᠨ᠂ ᠠᠮᠢᠳᠤᠷᠠᠯ | ᠬᠦᠴᠢᠷᠲᠡᠯᠲᠡᠢ ᠠᠵᠢᠯᠴᠢᠨ ᠠᠵᠢᠯᠳᠠᠨ ᠪᠠ ᠰᠢᠯᠢ ᠶᠢᠨ ᠭᠤᠤᠯ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ | ᠪᠠᠶᠢᠯᠳᠤᠭᠴᠢ ᠶᠢ ᠲᠤᠬᠤᠨᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢ ᠲᠦᠯᠦᠭᠡᠯᠡᠨ ᠲᠡᠲᠡᠨ ᠳᠤ | ᠪᠠᠶᠠᠷ ᠤᠨ ᠡᠳᠦᠷ ᠤᠨ ᠮᠡᠨᠳᠤᠴᠢᠯᠠᠯ ᠬᠦᠷᠭᠡᠪᠡ᠃ | ᠾᠦᠸᠧ ᠵᠤᠤ ᠯᠢᠶᠠᠩ ᠤᠷᠢᠳ ᠬᠤᠵᠢᠳ ᠭᠤ · ᠷᠠᠰᠢᠵᠠᠪ᠂ ᠸᠠᠩ ᡁᠢ ᠶᠤᠸᠠᠨ᠂ ᠲᠢᠶᠠᠨ ᠰᠢᠤᠸᠠᠢ ᠴᠧᠨ | ᠵᠡᠷᠭᠡ ᠠᠬᠠᠮᠠᠳ ᠺᠠᠳ᠋ᠷ ᠤᠨ ᠳᠤ ᠬᠦᠷᠴᠤ᠂ ᠲᠡᠲᠡᠨ ᠲᠠᠢ ᠲᠤᠳᠤᠨᠤᠰᠤᠭ ᠢᠶᠠᠷ ᠶᠠᠷᠢᠯᠴᠠᠵᠤ᠂ ᠪᠦᠬᠦ ᠠᠶᠢᠮᠠᠭ ᠤᠨ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠮᠡᠳᠡᠬᠦᠯᠵᠡᠢ᠃ ᠠᠬᠠᠮᠠᠳ ᠺᠠᠳ᠋ᠷ ᠤᠳ ᠪᠦᠬᠦ ᠠᠶᠢᠮᠠᠭ ᠤᠨ | ᠡᠯ᠎ᠡ ᠲᠠᠯ᠎ᠠ ᠶᠢᠨ ᠦᠢᠯᠡᠰ ᠤᠨ ᠬᠦᠭᠵᠢᠯᠲᠡ ᠶᠢ ᠦᠷᠬᠦᠯᠵᠢᠯᠡᠨ ᠠᠩᠬᠠᠷᠴᠤ᠂ ᠤᠯᠠᠨ ᠰᠠᠨᠠᠯ ᠰᠠᠨᠠᠭᠤᠯᠭ᠎ᠠ | ᠲᠡᠪᠰᠢᠬᠦᠯᠬᠦ ᠶᠢ ᠬᠦᠰᠡᠵᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠠᠬᠠᠮᠠᠳ ᠺᠠᠳ᠋ᠷ ᠤᠨ ᠠᠮᠢᠳᠤᠷᠠᠯ ᠢ ᠬᠠᠯᠠᠮᠵᠢᠯᠠᠵᠤ᠂ | ᠰᠠᠨᠠᠯ ᠰᠠᠨᠠᠭᠤᠯᠭ᠎ᠠ ᠶᠢ ᠨᠢ ᠰᠤᠨᠤᠰᠴᠤ᠂ ᠠᠬᠠᠮᠠᠳ ᠺᠠᠳ᠋ᠷ ᠤᠨ ᠠᠵᠢᠯ ᠢ ᠰᠠᠶᠢᠳᠤᠷ ᠬᠢᠬᠦ ᠭᠡᠷᠡᠭᠲᠡᠢ ᠭᠡᠵᠤ ᠵᠡᠬᠢᠪᠡ᠃ | | ᠾᠦᠸᠧ ᠵᠤᠤ ᠯᠢᠶᠠᠩ 84 ᠨᠠᠰᠤᠯᠠᠭᠰᠠᠨ ᠮᠠᠵᠢᠭ ᠨᠠᠰᠤᠳᠠᠨ ᠢ ᠲᠤᠬᠤᠨᠢᠭᠤᠯᠵᠤ᠂ ᠲᠡᠬᠦᠨ ᠤ ᠬᠤᠳᠠ ᠤᠷᠤᠵᠤ | ᠦᠳᠡᠯᠦᠭᠡ ᠨᠠᠰᠤ ᠪᠠᠨ ᠵᠤᠯ ᠵᠢᠷᠭᠠᠯᠳᠠᠢ ᠦᠩᠭᠡᠷᠡᠭᠡᠵᠤ ᠪᠠᠶᠢᠬᠤ ᠳᠤ ᠮᠠᠰᠢ ᠬᠠᠨᠤᠮᠵᠢᠳᠠᠢ ᠪᠠᠶᠢᠯ᠎ᠠ᠃ ᠾᠦᠸᠧ ᠵᠤᠤ | ᠯᠢᠶᠠᠩ ᠪᠠᠰᠠ ᠸᠠᠩ ᠵᠧᠨ᠂ ᠯᠢ ᠰᠢᠶᠤᠤ ᠭᠧᠨ ᠵᠡᠷᠭᠡ ᠤᠨᠴᠠ ᠬᠦᠴᠢᠷᠲᠡᠯᠲᠡᠢ ᠠᠵᠢᠯᠳᠠᠨ ᠤ ᠬᠢᠨ ᠳᠤ ᠬᠦᠷᠴᠤ᠂ | ᠲᠡᠲᠡᠨ ᠤ ᠡᠮ ᠡᠮᠨᠡᠯᠭᠡ᠂ ᠠᠵᠢᠯ ᠤᠯᠭᠤᠯᠳᠠ ᠪᠠ ᠦᠷ᠎ᠠ ᠭᠡᠤᠭᠡᠳ ᠤᠨ ᠰᠤᠷᠤᠯᠭ᠎ᠠ ᠵᠡᠷᠭᠡ ᠲᠠᠯ᠎ᠠ ᠶᠢᠨ ᠪᠤᠳᠠᠳᠤ | ᠬᠦᠴᠢᠷᠲᠡᠯ ᠢ ᠦᠢᠯᠠᠭᠠᠵᠤ᠂ ᠲᠡᠲᠡᠨ ᠢ ᠨᠠᠮ ᠪᠠ ᠵᠠᠰᠠᠭ ᠤᠨ ᠰᠠᠶᠢᠨ ᠲᠦᠷᠦ ᠶᠢᠨ ᠪᠤᠳᠤᠯᠭ᠎ᠠ ᠳᠤ ᠲᠦᠰᠢᠭᠯᠡᠵᠤ᠂ | ᠢᠳᠡᠭᠡᠯ ᠵᠤᠷᠢᠭ ᠢᠶᠠᠨ ᠪᠠᠳᠤᠳᠬᠠᠵᠤ᠂ ᠠᠮᠢᠳᠤᠷᠠᠯ ᠢᠶᠠᠨ ᠴᠢᠷᠮᠠᠶᠢᠨ ᠰᠠᠶᠢᠵᠢᠷᠠᠭᠤᠯᠤᠭᠠᠷᠠᠢ ᠭᠡᠵᠤ ᠵᠤᠷᠢᠭᠵᠢᠭᠤᠯᠪᠠ᠃ | ᠬᠠᠮᠢᠶ᠎ᠠ ᠪᠦᠬᠦᠢ ᠰᠠᠯᠠᠭ᠎ᠠ ᠮᠦᠴᠢᠷ ᠠᠮᠢᠳᠤᠷᠠᠯ ᠬᠦᠴᠢᠷᠲᠡᠯᠲᠡᠢ ᠤᠯᠠᠨ ᠲᠦᠮᠡᠨ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠤᠯᠠᠨ ᠲᠦᠮᠡᠨ ᠢ ᠪᠠᠶᠡᠷ ᠬᠦᠷ ᠲᠠᠢ ᠰᠢᠨᠡᠯᠡᠭᠦᠯᠬᠦ ᠭᠡᠷᠡᠭᠲᠡᠢ ᠭᠡᠵᠤ ᠵᠠᠬᠢᠪᠡ᠃ | ᠾᠦᠸᠧ ᠵᠤᠤ ᠯᠢᠶᠠᠩ ᠵᠡᠪᠰᠡᠭᠳᠤ ᠴᠠᠭᠳᠠᠭᠠᠨ ᠤ ᠰᠢᠯᠢ ᠶᠢᠨ ᠭᠤᠤᠯ ᠠᠶᠢᠮᠠᠭ ᠤᠨ ᠤᠢ ᠰᠢᠭᠤᠢ ᠶᠢᠨ | ᠴᠠᠭᠳᠠᠭᠠᠨ ᠤ ᠰᠠᠯᠪᠤᠷᠢ ᠠᠩᠬᠢ ᠳᠤ ᠬᠦᠷᠴᠤ᠂ ᠴᠡᠷᠢᠭ ᠠᠩᠭᠢ ᠶᠢᠨ ᠪᠠᠶᠢᠭᠤᠯᠤᠯᠲᠠ᠂ ᠡᠳᠦᠷ ᠲᠤᠳᠤᠮ ᠤᠨ | ᠪᠤᠯᠪᠠᠰᠤᠷᠠᠯ ᠵᠢᠴᠢ ᠲᠠᠷᠤᠭ᠎ᠠ ᠪᠠᠶᠢᠯᠳᠤᠭᠴᠢ ᠶᠢᠨ ᠰᠤᠷᠤᠯᠴᠠᠯᠭ᠎ᠠ ᠠᠮᠢᠳᠤᠷᠠᠯ ᠤᠨ ᠪᠠᠶᠢᠳᠠᠯ ᠵᠡᠷᠭᠡ ᠶᠢ ᠨᠠᠷᠢᠨ | ᠦᠢᠯᠠᠭᠠᠵᠤ᠂ ᠰᠢᠯᠢ ᠶᠢᠨ ᠭᠤᠤᠯ ᠳᠤ ᠰᠠᠭᠤᠭ᠎ᠠ ᠪᠦᠬᠦ ᠲᠠᠷᠤᠭ᠎ᠠ ᠪᠠᠶᠢᠯᠳᠤᠭᠴᠢ ᠵᠢᠴᠢ ᠬᠡᠷ ᠪᠦᠯᠢ ᠶᠢᠨ ᠬᠢᠨ ᠳᠤ | ᠪᠠᠶᠠᠷ ᠤᠨ ᠡᠳᠦᠷ ᠤᠨ ᠮᠠᠨᠳᠤᠴᠢᠯᠠᠯ ᠲᠡᠪᠰᠢᠬᠦᠯᠪᠡ᠃ | ᠰᠢᠯᠢ ᠶᠢᠨ ᠬᠤᠳᠠ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ ᠪᠠᠷ᠎ᠠ ᠪᠤᠯᠵᠤ ᠲᠤᠬᠤᠨᠢᠭᠤᠯᠵᠠᠢ᠃ |