ᠰᠢ ᠶᠢᠨ ᠫᠢᠩ ᠵᠠᠩ ᠳ᠋ᠧ ᠵᠢᠶᠠᠩ ᠢᠤᠢ ᠵᠧᠩ ᠱᠧᠩ ᠵᠠᠩ ᠭᠤᠤ ᠯᠢ ᠸᠠᠩ ᠶᠠᠩ ᠸᠠᠩ ᠬᠤ᠋ ᠨᠢᠩ ᠵᠤᠤ ᠯᠧ | ᠵᠢᠢ ᠬᠠᠨ ᠵᠧᠩ ᠨᠠᠷ ᠲᠡᠷᠢᠬᠦᠯᠡᠭᠴᠢ ᠶᠢᠨ ᠲᠠᠶᠢᠰᠠᠨ ᠳᠤ ᠰᠠᠭᠠᠳᠠᠵᠠᠢ | ᠯᠢ ᠺᠧ ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠵᠦ ᠯᠢ ᠵᠠᠨ ᠱᠦ ᠬᠤᠷᠠᠯ ᠢ ᠡᠷᠬᠢᠯᠡᠪᠡ | | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠤᠨ ᠲᠤᠬᠠᠢ | ᠳᠤᠳᠤᠷᠬᠠᠢᠢᠯᠠᠯᠳᠠ ᠶᠢ ᠰᠤᠨᠤᠰᠴᠠᠢ | | 3 ᠰᠠᠷ᠎ᠠ ᠶᠢᠨ 5 ᠤ ᠡᠳᠤᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠠ᠃ ᠨᠠᠮ ᠪᠠ ᠤᠯᠤᠰ ᠤᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ | ᠵᠢᠶᠠᠩ᠂ ᠢᠤᠢ ᠵᠧᠩ ᠱᠧᠩ᠂ ᠵᠠᠩ ᠭᠤᠤ ᠯᠢ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ | ᠬᠤᠷᠠᠯ ᠳᠤ ᠤᠷᠤᠯᠴᠠᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ | | 3 ᠰᠠᠷ᠎ᠠ ᠶᠢᠨ 5 ᠤ ᠡᠳᠤᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ | ᠤᠷᠳᠤᠨ ᠤ ᠠᠵᠢᠯ ᠤᠨ ᠢᠯᠡᠳᠭᠡᠯ ᠬᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠤ ᠳ᠋ᠠ ᠸᠧᠢ ᠰᠡᠬᠦᠳᠡᠷᠯᠡᠪᠡ | | 3 ᠰᠠᠷ᠎ᠠ ᠶᠢᠨ 5 ᠤ ᠡᠳᠤᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠠ᠃ ᠯᠢ ᠵᠠᠨ ᠱᠦ ᠬᠤᠷᠠᠯ ᠢ ᠡᠷᠬᠢᠯᠡᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠤ ᠸᠧᠢ ᠪᠢᠩ ᠰᠡᠬᠦᠳᠡᠷᠯᠡᠪᠡ | ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ 5 ᠤ ᠦᠳᠡ ᠶᠢᠨ ᠡᠮᠦᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠵᠡᠢ᠃ ᠡᠬᠢᠯᠡᠯᠳᠠ ᠶᠢᠨ ᠬᠤᠷᠠᠯ ᠳᠤ ᠲᠦᠷᠪᠡᠨ ᠵᠦᠪᠯᠡᠬᠦ ᠵᠦᠢᠯ ᠪᠤᠢ᠄ ᠵᠠᠰᠠᠭ ᠤᠨ ᠤᠷᠳᠤᠨ ᠤ ᠠᠵᠢᠯ ᠤᠨ | ᠢᠯᠡᠳᠭᠡᠯ ᠢ ᠰᠤᠨᠤᠰᠴᠦ᠂ ᠲᠦᠯᠦᠪᠯᠡᠭᠡ ᠶᠢᠨ ᠮᠡᠳᠡᠬᠦᠯᠦᠯᠳᠠ ᠶᠢ ᠬᠢᠨᠡᠨ ᠪᠠᠶᠢᠴᠠᠭᠠᠵᠦ᠂ ᠲᠦᠰᠦᠪ ᠤᠨ | ᠮᠡᠳᠡᠬᠦᠯᠦᠯᠳᠠ ᠶᠢ ᠬᠢᠨᠡᠨ ᠪᠠᠶᠢᠴᠠᠭᠠᠵᠦ᠂ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ | ᠨᠤᠤᠷᠠᠭ ᠤᠨ ᠳᠤᠬᠠᠢ ᠳᠤᠳᠤᠷᠬᠠᠢᠢᠯᠠᠯᠳᠠ ᠶᠢ ᠰᠤᠨᠤᠰᠤᠨ᠎ᠠ᠃ | ᠬᠠᠪᠤᠷ ᠤᠨ ᠡᠬᠢᠨ ᠤ ᠪᠡᠭᠡᠵᠢᠩ ᠬᠤᠳᠠᠨ᠎ᠠ ᠤᠷᠢᠠ ᠲᠤᠯᠠᠭᠠᠨ ᠰᠠᠭᠠᠳᠠᠵᠤ᠂ ᠠᠮᠢᠵᠢᠷᠠᠯ ᠤᠨ ᠬᠦᠴᠦᠠ ᠢᠶᠠᠷ | ᠪᠢᠯᠬᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠦᠮᠦᠨ ᠤ ᠶᠤᠰᠤᠯᠠᠯ ᠤᠨ ᠲᠠᠩᠬᠢᠮ ᠲᠦᠪ | ᠬᠢᠴᠢᠶᠡᠩᠬᠦᠢ ᠪᠦᠭᠡᠳ ᠬᠦᠷ ᠬᠦᠭᠵᠢᠶᠡᠨ ᠢᠶᠠᠷ ᠪᠢᠯᠬᠠᠵᠦ᠂ ᠲᠡᠷᠢᠬᠦᠯᠡᠭᠴᠢ ᠶᠢᠨ ᠲᠠᠶᠢᠰᠠᠨ ᠤ ᠭᠤᠤᠯ ᠭᠡᠰᠡᠭ ᠲᠤ | ᠡᠯᠬᠦᠭᠰᠡᠨ ᠤᠯᠤᠰ ᠤᠨ ᠰᠦᠯᠳᠠ ᠬᠤᠷᠴᠠ ᠤᠯᠠᠭᠠᠨ ᠲᠤᠭ ᠯᠤᠭ᠎ᠠ ᠦᠩᠬᠡ ᠢᠯᠭᠠᠷᠠᠨ ᠭᠡᠷᠡᠯ ᠰᠠᠴᠤᠷᠠᠩᠬᠠᠨ | ᠬᠠᠷᠠᠭᠳᠠᠨ᠎ᠠ᠃ ᠰᠢᠨ᠎ᠠ ᠨᠢᠭᠡ ᠬᠤᠭᠤᠴᠠᠭᠠᠨ ᠤ 3000 ᠰᠢᠬᠠᠮ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠬᠦᠷᠭᠡᠯᠡᠨ | ᠦᠪᠡᠳᠡᠭᠰᠢ ᠬᠤᠷᠠᠯ ᠳᠤ ᠤᠷᠤᠯᠴᠠᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠭᠰᠠᠨ ᠳᠠᠷᠬᠠᠨ | ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠎ᠠ᠃ | ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠭᠴᠢ | ᠲᠡᠷᠢᠬᠦᠯᠡᠭᠴᠢ ᠯᠢ ᠵᠠᠨ ᠱᠦ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠭᠴᠢ ᠲᠡᠷᠢᠬᠦᠯᠡᠭᠴᠢ ᠴᠧᠨ ᠰᠢ᠂ ᠸᠠᠩ ᠴᠧᠨ᠂ ᠼᠤᠤ ᠵᠢᠶᠠᠨ ᠮᠢᠩ᠂ | ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠡᠸ᠋ | ᠰᠢᠶᠠᠩ᠂ ᠴᠧᠨ ᠵᠦ ᠲᠡᠷᠢᠬᠦᠯᠡᠭᠴᠢ ᠶᠢᠨ ᠲᠠᠶᠢᠰᠠᠨ ᠤ ᠬᠦᠢᠴᠡᠳᠭᠡᠭᠴᠢ ᠲᠡᠷᠢᠬᠦᠯᠡᠭᠴᠢ ᠶᠢᠨ ᠰᠠᠭᠤᠳᠠᠯ ᠳᠤ ᠰᠠᠭᠠᠳᠠᠪᠠ | ᠃ | ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠵᠠᠩ ᠭᠤᠤ ᠯᠢ᠂ ᠸᠠᠩ ᠶᠠᠩ᠂ | ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠪᠤᠯᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ | ᠪᠦᠷᠢᠯᠳᠦᠬᠦᠨ ᠲᠡᠷᠢᠬᠦᠯᠡᠭᠴᠢ ᠶᠢᠨ ᠲᠠᠶᠢᠰᠠᠨ ᠳᠤ ᠰᠠᠭᠠᠳᠠᠪᠠ᠃ | ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠤ 2980 ᠬᠦᠮᠦᠨ ᠤᠷᠤᠯᠴᠠᠬᠤ ᠶᠤᠰᠤᠳᠠᠢ᠃ 5 ᠤ ᠦᠳᠡ ᠶᠢᠨ ᠡᠮᠦᠨᠡᠬᠢ | ᠬᠤᠷᠠᠯ ᠳᠤ 2970 ᠬᠦᠮᠦᠨ ᠤᠷᠤᠯᠴᠠᠵᠦ᠂ 10 ᠬᠦᠮᠦᠨ ᠤᠷᠤᠯᠴᠠᠬᠰᠠᠨ ᠦᠭᠡᠢ᠂ ᠤᠷᠤᠯᠴᠠᠭᠰᠠᠨ ᠬᠦᠮᠦᠨ ᠤ | ᠲᠤᠭ᠎ᠠ ᠬᠠᠤᠯᠢ ᠳᠤ ᠲᠤᠭᠳᠠᠭᠠᠭᠰᠠᠨ ᠬᠦᠮᠦᠨ ᠤ ᠲᠤᠭ᠎ᠠ ᠳᠤ ᠨᠡᠶᠢᠴᠡᠨ᠎ᠠ᠃ | ᠦᠳᠡ ᠶᠢᠨ ᠡᠮᠦᠨᠡᠬᠢ 9 ᠴᠠᠭ ᠲᠤ᠂ ᠯᠢ ᠵᠠᠨ ᠱᠦ᠄ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠡᠬᠢᠯᠡᠯ᠎ᠠ ᠭᠡᠵᠦ ᠨᠡᠶᠢᠳᠡᠯᠡᠪᠡ᠃ ᠪᠦᠬᠦᠳᠡᠭᠡᠷ ᠢᠶᠠᠨ ᠪᠤᠰᠴᠦ ᠵᠤᠬᠰᠤᠨ ᠴᠡᠷᠢᠭ ᠤᠨ | ᠬᠦᠭᠵᠢᠮ ᠤᠨ ᠠᠩᠬᠢ ᠶᠢᠨ ᠬᠦᠭᠵᠢᠮ ᠤᠨ ᠬᠠᠪᠰᠤᠷᠭᠠᠯ ᠳᠤᠤᠷ᠎ᠠ ᠤᠯᠤᠰ ᠤᠨ ᠰᠦᠯᠳᠠ ᠳᠠᠭᠤᠤ ᠶᠢ ᠬᠠᠩᠬᠢᠨᠠᠳᠠᠯ᠎ᠠ | ᠳᠠᠭᠤᠯᠠᠵᠠᠢ᠃ | ᠬᠤᠷᠠᠯ ᠤᠨ ᠵᠦᠪᠯᠡᠬᠦ ᠵᠦᠢᠯ ᠢ ᠦᠨᠳᠦᠰᠦᠯᠡᠨ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ | ᠡᠮᠦᠨ᠎ᠠ ᠠᠴᠠ ᠶᠡᠭᠡ ᠬᠤᠷᠠᠯ ᠳᠡᠭᠡᠷ᠎ᠠ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠃ ᠢᠯᠡᠳᠭᠡᠯ ᠨᠢ | ᠭᠤᠷᠪᠡᠨ ᠭᠡᠰᠡᠭ ᠢᠶᠠᠷ ᠪᠦᠷᠢᠯᠳᠦᠵᠡᠢ᠄ ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ︔ | ᠬᠤᠶᠠᠷ᠂ 2018 ᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠶᠡᠷᠦᠩᠭᠡᠢ ᠱᠠᠭᠠᠷᠳᠠᠯᠭ᠎ᠠ ᠪᠠ ᠲᠦᠷᠦ ᠶᠢᠨ | ᠪᠤᠳᠤᠯᠭ᠎ᠠ ᠶᠢᠨ ᠴᠢᠭᠯᠡᠯ︔ ᠭᠤᠷᠪᠠ᠂ 2018 ᠤᠨ ᠤ ᠵᠠᠰᠠᠭ ᠤᠨ ᠤᠷᠳᠤᠨ ᠤ ᠠᠵᠢᠯ ᠤᠨ ᠲᠤᠬᠠᠢ ᠰᠠᠨᠠᠭᠤᠯᠭ᠎ᠠ᠃ | | ᠠᠷᠪᠡᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠲᠠᠪᠤᠨ ᠵᠢᠯ ᠪᠤᠯ ᠮᠠᠨ ᠤ ᠤᠯᠤᠰ ᠤᠨ ᠬᠦᠭᠵᠢᠯᠳᠠ ᠶᠢᠨ ᠠᠬᠢᠴᠠ | ᠳᠤᠮᠳᠠ ᠲᠦᠢᠯ ᠤᠨ ᠶᠡᠷᠦ ᠪᠤᠰᠤ ᠶᠢᠨ ᠲᠠᠪᠤᠨ ᠵᠢᠯ ᠮᠦᠨ᠃ ᠯᠢ ᠺᠧ ᠴᠢᠶᠠᠩ 9 ᠲᠠᠯ᠎ᠠ ᠪᠠᠷ ᠦᠩᠭᠡᠷᠡᠭᠰᠡᠨ ᠲᠠᠪᠤᠨ | ᠵᠢᠯ ᠤᠨ ᠠᠵᠢᠯ ᠢ ᠪᠦᠬᠦ ᠲᠠᠯ᠎ᠠ ᠪᠠᠷ ᠡᠷᠬᠢᠴᠡᠬᠦᠯᠵᠡᠢ᠄ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ | ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠰᠢᠨ᠎ᠠ ᠶᠢ ᠡᠬᠦᠳᠬᠦ ᠪᠠ | ᠳᠡᠬᠦᠯᠳᠡᠷᠵᠢᠬᠦᠯᠬᠦ ᠪᠠᠷ ᠬᠦᠴᠦᠯᠡᠵᠤ᠂ ᠠᠵᠤ ᠠᠬᠤᠢ ᠶᠢᠨ ᠡᠷᠬᠢᠯᠳᠡ ᠵᠤᠬᠢᠰᠳᠠᠢ ᠬᠡᠪᠴᠢᠶᠠᠨ ᠳᠤ ᠪᠠᠶᠢᠬᠤ ᠶᠢ | ᠪᠠᠳᠤᠯᠠᠵᠦ᠂ ᠲᠤᠭᠳᠠᠭᠤᠨ ᠤ ᠳᠤᠮᠳᠠ ᠰᠠᠶᠢᠵᠢᠷᠠᠯᠳᠠ ᠲᠠᠢ ᠪᠠᠶᠢᠬᠤ ᠶᠢ ᠪᠡᠶᠡᠯᠡᠬᠦᠯᠪᠡ︔ ᠬᠠᠩᠭᠠᠯᠭ᠎ᠠ ᠶᠢᠨ ᠲᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠦ᠂ ᠰᠢᠨ᠎ᠠ ᠬᠦᠳᠡᠯᠭᠡᠬᠦ | ᠡᠨᠧᠷᠬᠢ ᠶᠢ ᠬᠦᠴᠦᠯᠡᠨ ᠪᠤᠶᠢᠵᠢᠭᠤᠯᠵᠦ ᠬᠦᠴᠦᠷᠭᠡᠭᠵᠢᠬᠦᠯᠦᠨ᠂ ᠠᠵᠤ ᠠᠬᠤᠢ ᠶᠢᠨ ᠪᠦᠳᠦᠴᠡ ᠶᠢ ᠲᠦᠷᠭᠡᠳᠭᠡᠨ | ᠰᠢᠯᠢᠳᠡᠭᠵᠢᠬᠦᠯᠵᠦ ᠲᠡᠰ ᠲᠡᠪᠰᠢᠬᠦᠯᠪᠡ︔ ᠰᠢᠨ᠎ᠡ ᠶᠢ ᠡᠬᠦᠳᠬᠦ ᠪᠠᠷ ᠬᠦᠭᠵᠢᠯᠳᠡ ᠶᠢ ᠳᠠᠭᠠᠭᠤᠯᠬᠤ ᠶᠢ ᠪᠠᠷᠢᠮᠳᠠᠯᠠᠵᠥ᠂ | ᠨᠡᠶᠢᠬᠡᠮ ᠤᠨ ᠪᠦᠳᠦᠬᠡᠯᠴᠢ ᠬᠦᠴᠦᠨ ᠢ ᠬᠦᠴᠦᠯᠡᠨ ᠬᠦᠭᠵᠢᠬᠡᠵᠥ᠂ ᠪᠦᠬᠦᠯᠢ ᠴᠤᠬᠴᠠ ᠶᠢᠨ ᠰᠢᠨ᠎ᠡ ᠶᠢ ᠡᠬᠦᠳᠬᠦ | ᠴᠢᠳᠠᠪᠤᠷᠢ ᠪᠤᠯᠤᠨ ᠦᠷ᠎ᠡ ᠪᠦᠳᠦᠮᠵᠢ ᠢᠯᠡᠳᠳᠡ ᠳᠡᠬᠡᠭᠰᠢᠯᠡᠪᠡ︔ ᠦᠬᠡᠷᠡᠴᠢᠯᠡᠯᠳᠡ ᠶᠢ ᠪᠦᠬᠦ ᠳᠠᠯ᠎ᠠ ᠪᠠᠷ | ᠬᠦᠨᠵᠡᠬᠡᠶᠢᠷᠡᠬᠦᠯᠬᠦ ᠶᠢ ᠪᠠᠷᠢᠮᠳᠠᠯᠠᠵᠥ᠂ ᠪᠠᠶᠢᠭᠤᠯᠤᠮᠵᠢ ᠳᠤᠬᠳᠠᠴᠠ ᠶᠢᠨ ᠬᠡᠮ ᠰᠤᠭᠤᠭ ᠢ ᠬᠦᠴᠦᠯᠡᠨ ᠠᠷᠢᠯᠭᠠᠵᠥ᠂ | ᠬᠦᠭᠵᠢᠯᠳᠡ ᠶᠢᠨ ᠬᠦᠳᠡᠯᠬᠡᠬᠦ ᠬᠦᠴᠦᠨ ᠳᠠᠰᠤᠷᠠᠯᠳᠠ ᠦᠬᠡᠢ ᠴᠢᠩᠭᠠᠷᠠᠪᠠ︔ ᠭᠠᠳᠠᠬᠰᠢ ᠨᠡᠬᠡᠬᠡᠯᠳᠡ ᠬᠢᠬᠦ | ᠦᠨᠳᠦᠰᠦᠨ ᠤᠯᠤᠰ ᠤᠨ ᠪᠤᠳᠤᠯᠭ᠎ᠠ ᠶᠢ ᠪᠠᠷᠢᠮᠳᠠᠯᠠᠵᠥ᠂ ᠬᠠᠮᠳᠤᠷᠠᠯᠴᠠᠨ ᠬᠠᠮᠳᠤᠪᠡᠷ ᠠᠰᠢᠬ ᠬᠦᠷᠳᠡᠬᠦ ᠶᠢ ᠬᠦᠴᠦᠯᠡᠨ | ᠪᠡᠶᠡᠯᠡᠬᠦᠯᠵᠤ᠂ ᠨᠡᠬᠡᠬᠡᠯᠳᠡᠳᠤ ᠠᠵᠥ ᠠᠬᠤᠢ ᠶᠢᠨ ᠳᠦᠪᠰᠢᠨ ᠢᠯᠡᠳᠳᠡ ᠳᠡᠬᠡᠭᠰᠢᠯᠡᠪᠡ︔ ᠤᠷᠤᠨ ᠪᠦᠰᠡ ᠶᠢᠨ | ᠵᠤᠬᠢᠴᠠᠩᠭᠤᠢ ᠬᠦᠭᠵᠢᠯᠳᠡ ᠪᠤᠯᠤᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠬᠦ ᠶᠢ ᠪᠠᠷᠢᠮᠳᠠᠯᠠᠵᠥ᠂ ᠳᠡᠩᠴᠡᠬᠦᠷᠢᠳᠡᠢ ᠬᠦᠭᠵᠢᠯᠳᠡ ᠶᠢ ᠬᠦᠴᠦᠯᠡᠨ ᠠᠬᠢᠭᠤᠯᠵᠥ᠂ ᠰᠢᠨ᠎ᠡ ᠨᠡᠮᠡᠭᠳᠡᠯ ᠤᠨ | ᠳᠦᠢᠯ ᠪᠤᠯᠤᠨ ᠨᠡᠮᠡᠭᠳᠡᠯ ᠤᠨ ᠪᠦᠰᠡ ᠳᠦᠷᠬᠡᠨ ᠪᠦᠷᠢᠯᠳᠦᠪᠠ︔ ᠠᠷᠠᠳ ᠳᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠢᠯᠠᠭᠠᠬᠳᠠᠬᠤᠨ ᠢ ᠪᠠᠷᠢᠮᠳᠠᠯᠠᠵᠥ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ | ᠬᠦᠴᠦᠯᠡᠵᠥ᠂ ᠦᠷᠬᠡᠨ ᠤᠯᠠᠨ ᠠᠷᠠᠳ ᠳᠦᠮᠡᠨ ᠤ ᠬᠦᠷᠳᠡᠮᠵᠢ ᠶᠢᠨ ᠳᠦᠷᠦᠭᠳᠡᠯ ᠳᠠᠰᠤᠷᠠᠯᠳᠠ ᠦᠬᠡᠢ ᠴᠢᠩᠭᠠᠷᠠᠪᠠ︔ | ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠵᠥ᠂ ᠤᠷᠴᠢᠨ ᠳᠤᠭᠤᠷᠢᠨ ᠤ ᠪᠤᠬᠢᠷᠳᠤᠯ ᠢ | ᠬᠦᠴᠦᠯᠡᠨ ᠵᠠᠰᠠᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠢᠯᠡᠷᠬᠡᠢ ᠦᠷ᠎ᠡ ᠠᠰᠢᠭ ᠤᠯᠪᠠ︔ | ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢ ᠬᠠᠤᠯᠢ ᠶᠤᠰᠤᠭᠠᠷ ᠪᠦᠬᠦ ᠳᠠᠯ᠎ᠠ ᠪᠠᠷ ᠬᠦᠢᠴᠡᠳᠬᠡᠬᠦ ᠶᠢ ᠪᠠᠷᠢᠮᠳᠠᠯᠠᠵᠥ᠂ | ᠨᠡᠶᠢᠬᠡᠮ ᠤᠨ ᠵᠠᠰᠠᠯᠳᠠ ᠶᠢ ᠴᠢᠩᠭᠠᠳᠬᠠᠨ ᠰᠢᠨ᠎ᠡ ᠶᠢ ᠡᠬᠦᠳᠬᠦ ᠪᠠᠷ ᠬᠦᠴᠦᠯᠡᠵᠤ᠂ ᠨᠡᠶᠢᠬᠡᠮ ᠤᠨ ᠡᠶ᠎ᠡ ᠵᠤᠬᠢᠴᠠᠩᠭᠤᠢ | ᠳᠤᠬᠳᠠᠭᠤᠨ ᠢ ᠪᠠᠳᠤᠯᠠᠪᠠ᠃ | ᠯᠢ ᠺᠧ ᠴᠢᠶᠠᠩ ᠦᠩᠬᠡᠷᠡᠭᠰᠡᠨ ᠳᠠᠪᠤᠨ ᠵᠢᠯ ᠢ ᠡᠷᠬᠢᠴᠡᠬᠦᠯᠬᠦ ᠳᠡᠭᠡᠨ᠂ ᠠᠯᠢ ᠤᠯᠠᠨ ᠵᠦᠷᠢᠴᠡᠯ ᠰᠤᠯᠪᠢᠴᠠᠠ | ᠳᠠᠪᠬᠤᠴᠠᠵᠤ᠂ ᠡᠯ᠎ᠡ ᠵᠦᠢᠯ ᠤᠨ ᠠᠶᠤᠯ ᠳᠦᠭᠰᠢᠬᠦᠷᠢ ᠦᠷᠢᠰᠦᠯᠳᠦᠬᠡᠨ ᠬᠤᠶᠢᠨ᠎ᠠ ᠬᠤᠶᠢᠨ᠎ᠠ ᠠᠴᠠ ᠪᠠᠨ ᠢᠯᠡᠷᠡᠵᠥ᠂ | ᠤᠯᠤᠰ ᠤᠨ ᠳᠤᠳᠤᠭᠠᠳᠤ ᠭᠠᠳᠠᠭᠠᠳᠤ ᠶᠢᠨ ᠤᠯᠠᠨ ᠠᠷᠪᠢᠨ ᠪᠠᠶᠢᠳᠠᠯ ᠨᠢ ᠦᠬᠡᠷᠡᠴᠢᠯᠡᠯᠳᠡ ᠨᠡᠬᠡᠬᠡᠯᠳᠡ ᠠᠴᠠ ᠨᠠᠰᠢ | ᠶᠠᠷᠤ ᠳᠤᠯᠭᠠᠷᠠᠵᠥ ᠦᠩᠬᠡᠷᠡᠭᠰᠡᠨ ᠦᠬᠡᠢ᠂ ᠮᠠᠨ ᠤ ᠤᠯᠤᠰ ᠤᠨ ᠦᠬᠡᠷᠡᠴᠢᠯᠡᠯᠳᠡ ᠬᠦᠭᠵᠢᠯᠳᠠ ᠶᠢᠨ ᠠᠮᠵᠢᠯᠳᠠ | ᠦᠨᠡᠬᠡᠷ ᠬᠢᠯᠪᠡᠷ ᠪᠤᠰᠤ ᠪᠠᠷ ᠢᠷᠡᠭᠰᠡᠨ ᠶᠤᠮ᠃ ᠡᠨᠡ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ | ᠨᠠᠮ ᠤᠨ ᠳᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢ ᠪᠠᠷᠢᠮᠳᠠᠯᠠᠬᠰᠠᠨ ᠤ ᠦᠷ᠎ᠡ ᠳ᠋ᠦᠩ ᠮᠦᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠦᠨ᠂ ᠪᠦᠬᠦ ᠨᠠᠮ ᠪᠦᠬᠦ ᠴᠡᠷᠢᠭ ᠪᠦᠬᠦ | ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠤ ᠪᠦᠯᠬᠦᠮᠳᠡᠨ ᠳᠡᠮᠡᠴᠡᠭᠰᠡᠨ ᠤ ᠦᠷ᠎ᠡ ᠳ᠋ᠦᠩ ᠮᠦᠨ | ᠬᠡᠵᠥ ᠢᠯᠡᠳᠬᠡᠪᠡ᠃ | ᠯᠢ ᠺᠧ ᠴᠢᠶᠠᠩ᠂ ᠮᠠᠨ ᠤ ᠤᠯᠤᠰ ᠮᠦᠨᠬᠦ ᠨᠡᠶᠢᠬᠡᠮ ᠵᠢᠷᠤᠮ ᠤᠨ ᠠᠩᠬᠠᠨ ᠤ ᠱᠠᠳᠤᠨ ᠳᠤ ᠤᠷᠤᠰᠢᠵᠥ ᠪᠠᠶᠢᠬᠤ | ᠪᠦᠬᠡᠳ ᠪᠠᠰᠠ ᠤᠷᠳᠤ ᠬᠤᠭᠤᠴᠠᠭ᠎ᠠ ᠪᠠᠷ ᠤᠷᠤᠰᠢᠵᠤ᠂ ᠮᠦᠨᠬᠦ ᠳᠡᠯᠡᠬᠡᠢ ᠶᠢᠨ ᠬᠠᠮᠤᠭ ᠤᠨ ᠳᠤᠮᠤ ᠬᠦᠭᠵᠢᠵᠥ | ᠪᠠᠶᠢᠭ᠎ᠠ ᠤᠯᠤᠰ᠂ ᠬᠦᠭᠵᠢᠯᠳᠡ ᠳᠡᠩᠴᠡᠬᠦᠷᠢ ᠦᠬᠡᠢ ᠬᠦᠢᠴᠡᠳ ᠦᠬᠡᠢ ᠪᠠᠶᠢᠬᠤ ᠵᠠᠷᠢᠮ ᠳᠤᠪᠤᠶᠢᠮ᠎ᠠ ᠠᠰᠠᠭᠤᠳᠠᠯ ᠢ | ᠠᠷᠠᠢ ᠰᠢᠢᠳᠪᠦᠷᠢᠯᠡᠵᠥ ᠳᠡᠶᠢᠯᠦᠬᠡᠳᠦᠢ ᠪᠠᠶᠢᠭᠰᠠᠭᠠᠷ ᠬᠡᠳᠡᠭ ᠢ ᠪᠢᠳᠠ ᠰᠡᠷᠬᠡᠭ ᠢᠶᠠᠷ ᠳᠠᠨᠢᠵᠥ ᠤᠯᠪᠠ᠃ ᠪᠢᠳᠡ | ᠡᠷᠬᠡᠪᠰᠢ ᠤᠯᠤᠰ ᠪᠤᠯᠤᠨ ᠠᠷᠠᠳ ᠳᠦᠮᠡᠨ ᠳᠤ ᠳᠡᠬᠡᠳᠤ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ᠂ ᠬᠦᠴᠢᠷ | ᠪᠡᠷᠬᠡᠰᠢᠶᠠᠯ ᠠᠴᠠ ᠦᠯᠦ ᠡᠮᠢᠶᠡᠬᠦ ᠡᠷᠡᠰ ᠵᠤᠷᠢᠭ᠂ ᠨᠤᠭᠤᠷᠠᠰᠢ ᠦᠬᠡᠢ ᠬᠠᠳᠠᠨ ᠵᠤᠷᠢᠭ ᠢᠶᠠᠷ ᠰᠡᠳᠬᠢᠯ ᠨᠢᠬᠡᠳᠦᠨ | ᠬᠦᠴᠦᠨ ᠢᠶᠠᠨ ᠬᠠᠮᠳᠤᠳᠬᠠᠵᠤ ᠠᠵᠢᠯ ᠢᠶᠠᠨ ᠰᠠᠶᠢᠳᠤᠷ ᠬᠢᠵᠥ᠂ ᠠᠷᠠᠳ ᠤᠨ ᠵᠠᠰᠠᠭ ᠤᠨ ᠤᠷᠳᠤᠨ ᠢ ᠠᠷᠠᠳ | ᠳᠦᠮᠡᠨ ᠤ ᠬᠦᠨᠳᠤ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠶᠢᠯᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ 2018 ᠤᠨ ᠤ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠶᠢ | ᠳᠤᠷᠠᠳᠤᠨ ᠭᠠᠷᠭᠠᠪᠠ᠄ ᠤᠯᠤᠰ ᠤᠨ ᠳᠤᠳᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.5% | ᠤᠷᠴᠢᠮ ᠨᠡᠮᠡᠭᠳᠡᠬᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠬᠠᠩᠰᠢ ᠶᠢᠨ ᠦᠰᠦᠯᠳᠠ ᠶᠢ 3% | ᠤᠷᠴᠢᠮ ᠪᠤᠯᠭᠠᠨ᠎ᠠ︔ ᠬᠤᠳᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ ᠶᠢ 1100 ᠳᠦᠮᠡᠨ | ᠬᠦᠮᠦᠨ ᠠᠴᠠ ᠳᠡᠬᠡᠭᠰᠢ ᠪᠠᠶᠢᠯᠭᠠᠵᠥ᠂ ᠬᠤᠳᠠ ᠪᠠᠯᠭᠠᠰᠤ ᠶᠢᠨ ᠪᠠᠶᠢᠴᠠᠭᠠᠭᠰᠠᠨ ᠠᠵᠢᠯ ᠠᠯᠳᠠᠯᠳᠠ ᠶᠢᠨ ᠨᠤᠷᠮ᠎ᠠ ᠶᠢ 5. | 5% ᠤᠨ ᠳᠤᠳᠤᠷ᠎ᠠ ᠬᠢᠵᠠᠭᠠᠷᠯᠠᠵᠥ᠂ ᠬᠤᠳᠠ ᠪᠠᠯᠭᠠᠰᠤ ᠶᠢᠨ ᠳᠠᠩᠰᠠᠯᠠᠬᠰᠠᠨ ᠠᠵᠢᠯ ᠠᠯᠳᠠᠯᠳᠠ ᠶᠢᠨ ᠨᠤᠷᠮ᠎ᠠ ᠶᠢ | 4. 5% ᠤᠨ ᠳᠤᠳᠤᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠤᠯᠤᠨ ᠠᠵᠥ | ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠨᠢᠬᠡᠳᠦᠯᠳᠡᠢ ᠪᠠᠶᠢᠯᠭᠠᠨ᠎ᠠ︔ ᠭᠠᠳᠠᠭᠠᠳᠤ ᠠᠴᠠ ᠤᠷᠤᠭᠤᠯᠵᠤ | ᠭᠠᠳᠠᠭᠠᠳᠤ ᠳᠤ ᠭᠠᠷᠭᠠᠬᠤ ᠶᠢ ᠳᠤᠬᠳᠠᠭᠤᠨ ᠤ ᠳᠤᠮᠳᠠ ᠰᠠᠶᠢᠵᠢᠷᠠᠯᠳᠠ ᠲᠠᠢ ᠪᠤᠯᠭᠠᠵᠤ᠂ ᠤᠯᠠᠨ ᠤᠯᠤᠰ ᠯᠤᠭ᠎ᠠ ᠶᠢᠨ | ᠤᠷᠤᠯᠭ᠎ᠠ ᠵᠠᠷᠤᠯᠭ᠎ᠠ ᠶᠢ ᠦᠨᠳᠦᠰᠦᠨ ᠳᠡᠭᠡᠨ ᠳᠡᠩᠴᠡᠬᠦᠷᠢᠳᠠᠢ ᠪᠠᠶᠢᠯᠭᠠᠨ᠎ᠠ︔ ᠨᠢᠬᠡᠴᠢ ᠤᠯᠤᠰ ᠤᠨ | ᠳᠤᠳᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠬᠢ ᠶᠢᠨ ᠬᠤᠷᠤᠬᠳᠠᠭᠤᠯᠤᠯ ᠢ 3% ᠠᠴᠠ | ᠳᠡᠬᠡᠭᠰᠢ ᠪᠠᠭᠤᠷᠠᠭᠤᠯᠵᠥ᠂ ᠭᠤᠤᠯ ᠪᠤᠬᠢᠷᠳᠤᠯ ᠪᠤᠳᠠᠰ ᠤᠨ ᠭᠠᠳᠠᠬᠰᠢᠭᠤᠯᠤᠯᠳᠠ ᠶᠢᠨ ᠬᠡᠮᠵᠢᠶ᠎ᠡ ᠶᠢ ᠦᠷᠬᠦᠯᠵᠢᠯᠡᠨ | ᠪᠠᠭᠤᠷᠠᠭᠤᠯᠤᠨ᠎ᠠ︔ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠪᠤᠳᠠᠳᠤ | ᠠᠬᠢᠴᠠ ᠲᠠᠢ ᠪᠤᠯᠭᠠᠵᠤ᠂ ᠬᠤᠷᠸ᠎ᠠ ᠬᠦᠰᠢᠬᠦᠷᠬᠡ ᠶᠢᠨ ᠨᠤᠷᠮ᠎ᠠ ᠶᠢ ᠦᠨᠳᠦᠰᠤᠨ ᠳᠡᠭᠡᠨ ᠳᠤᠬᠳᠠᠭᠤᠨ ᠪᠠᠶᠢᠯᠭᠠᠵᠥ᠂ | ᠡᠯ᠎ᠡ ᠳᠦᠷᠦᠯ ᠤᠨ ᠠᠶᠤᠯ ᠳᠦᠭᠰᠢᠬᠦᠷᠢ ᠶᠢ ᠡᠮᠬᠢ ᠳᠠᠷᠠᠭ᠎ᠠ ᠲᠠᠢ ᠪᠦᠳᠦᠮᠵᠢᠳᠡᠢ ᠪᠠᠷ ᠰᠡᠷᠬᠡᠶᠢᠯᠡᠨ ᠡᠵᠡᠮᠳᠡᠨ᠎ᠡ᠃ | | ᠯᠢ ᠺᠧ ᠴᠢᠶᠠᠩ᠂ 2018 ᠤᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠦ ᠠᠬᠤᠢ ᠶᠢᠨ ᠦᠵᠡᠯ ᠰᠠᠨᠠᠭ᠎ᠠ ᠶᠢ | ᠨᠠᠷᠢᠨ ᠬᠢᠨᠠᠮᠠᠭᠠᠢ ᠲᠤᠤᠱᠯᠠᠭᠤᠯᠤᠨ᠂ ᠲᠤᠭᠲᠠᠭᠤᠨ ᠤ ᠲᠤᠮᠳᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ | ᠠᠶᠠᠰ ᠢ ᠪᠠᠷᠢᠮᠲᠠᠯᠠᠵᠦ᠂ ᠲᠤᠭᠲᠠᠭᠤᠨ ᠪᠠᠶᠢᠯᠭᠠᠬᠤ ᠪᠠ ᠤᠷᠤᠭᠰᠢᠯᠠᠠ ᠲᠠᠪᠰᠢᠬᠤ ᠶᠢ ᠨᠢᠭᠡ ᠪᠦᠬᠦᠯᠢ ᠴᠤᠭᠴᠠ ᠪᠠᠷ | ᠡᠵᠡᠮᠲᠡᠵᠦ᠂ ᠲᠤᠤᠷᠠᠬᠢ ᠭᠡᠲᠦᠨ ᠲᠠᠯ᠎ᠠ ᠶᠢ ᠴᠢᠬᠤᠯᠠᠴᠢᠯᠠᠬᠤ ᠭᠡᠷᠡᠭᠲᠡᠢ᠄ ᠨᠢᠭᠡ ᠳᠤ᠂ ᠴᠢᠨᠠᠷ ᠰᠠᠶᠢᠲᠠᠢ | ᠬᠦᠭᠵᠢᠯᠲᠠ ᠶᠢ ᠶᠡᠬᠡᠪᠡᠷ ᠠᠬᠢᠭᠤᠯᠬᠤ ᠬᠡᠷᠡᠭᠲᠡᠢ︔ ᠬᠤᠶᠠᠷ ᠲᠤ᠂ ᠦᠭᠡᠷᠡᠴᠢᠯᠡᠯᠲᠡ ᠨᠡᠭᠡᠭᠡᠯᠲᠡ ᠶᠢᠨ ᠡᠷᠴᠢᠮ ᠢ | ᠴᠢᠩᠭᠠᠷᠠᠭᠤᠯᠬᠤ ᠭᠡᠷᠡᠭᠲᠡᠢ︔ ᠭᠤᠷᠪᠠ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠤᠯᠬᠤ ᠭᠤᠷᠪᠠᠠ ᠶᠡᠭᠡ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠰᠠᠶᠢᠲᠤᠷ ᠠᠳᠬᠤᠬᠤ ᠭᠡᠷᠡᠭᠲᠡᠢ | ᠬᠡᠵᠠᠢ᠃ | ᠯᠢ ᠺᠧ ᠴᠢᠶᠠᠩ᠂ 2018 ᠤᠨ ᠳᠤ 9 ᠵᠦᠢᠯ ᠤᠨ ᠠᠵᠢᠯ ᠢ ᠯᠠᠪᠲᠠᠭᠤᠨ ᠢᠶᠠᠷ ᠰᠠᠶᠢᠲᠤᠷ ᠬᠢᠬᠦ ᠬᠡᠷᠡᠭᠲᠡᠢ᠄ | ᠨᠢᠭᠡ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠠᠬᠢᠭᠤᠯᠬᠤ | ᠭᠡᠷᠡᠭᠲᠡᠢ︔ ᠬᠤᠶᠠᠷ ᠲᠤ᠂ ᠰᠢᠨ᠎ᠠ ᠶᠢ ᠡᠭᠦᠳᠬᠦ ᠬᠡᠯᠪᠡᠷᠢ ᠶᠢᠨ ᠤᠯᠤᠰ ᠢ ᠲᠦᠷᠭᠡᠡ ᠪᠦᠳᠦᠬᠡᠨ ᠪᠠᠶᠢᠭᠤᠯᠬᠤ ᠭᠡᠷᠡᠭᠲᠡᠢ | ︔ ᠭᠤᠷᠪᠠ ᠳᠤ᠂ ᠰᠠᠭᠤᠷᠢ ᠴᠢᠨᠠᠷᠲᠠᠢ ᠵᠠᠩᠭᠢᠯᠠᠭ᠎ᠠ ᠶᠢᠨ ᠬᠦᠷᠢᠶᠡᠡ ᠳᠠᠬᠢ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ | ᠬᠡᠷᠡᠭᠲᠡᠢ︔ ᠲᠦᠷᠪᠡ ᠳᠤ᠂ ᠭᠤᠷᠪᠠᠠ ᠶᠡᠭᠡ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠡᠷᠡᠰ ᠰᠠᠶᠢᠲᠤᠷ ᠬᠢᠬᠦ | ᠬᠡᠷᠡᠭᠲᠡᠢ︔ ᠲᠠᠪᠤ ᠳᠤ᠂ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠶᠡᠬᠡᠪᠠᠷ | ᠭᠡᠷᠡᠭᠵᠢᠭᠦᠯᠬᠦ ᠬᠡᠷᠡᠭᠲᠡᠢ︔ ᠵᠢᠷᠭᠤᠭ᠎ᠠ ᠳᠤ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠠ ᠶᠢᠨ ᠪᠠᠶᠢᠯᠲᠤᠬᠤ | ᠪᠤᠲᠤᠯᠭ᠎ᠠ ᠶᠢ ᠯᠠᠪᠲᠠᠭᠤᠨ ᠪᠠᠳᠤᠳᠠᠢ ᠪᠠᠷ ᠠᠬᠢᠭᠤᠯᠬᠤ ᠬᠡᠷᠡᠭᠲᠡᠢ︔ ᠲᠤᠯᠤᠭ᠎ᠠ ᠳᠤ᠂ ᠭᠡᠷᠡᠭᠯᠡᠭᠡ ᠶᠢ ᠢᠲᠡᠪᠬᠢᠲᠠᠢ | ᠦᠷᠬᠡᠳᠬᠡᠬᠦ ᠪᠦᠭᠡᠳ ᠪᠦᠲᠦᠮᠵᠢᠲᠠᠢ ᠪᠡᠯᠡ ᠤᠷᠤᠭᠤᠯᠤᠯᠲᠠ ᠶᠢ ᠠᠬᠢᠭᠤᠯᠬᠤ ᠬᠡᠷᠡᠭᠲᠡᠢ︔ ᠨᠠᠢᠮᠠ ᠳᠤ᠂ ᠪᠦᠬᠦ | ᠲᠠᠯ᠎ᠠ ᠪᠠᠷ ᠨᠡᠭᠡᠭᠡᠯᠲᠡ ᠬᠢᠬᠦ ᠰᠢᠨ᠎ᠠ ᠪᠠᠶᠢᠷᠢᠰᠢᠯ ᠤᠨ ᠪᠦᠷᠢᠯᠲᠦᠬᠦ ᠶᠢ ᠠᠬᠢᠭᠤᠯᠬᠤ ᠬᠡᠷᠡᠭᠲᠡᠢ︔ ᠶᠢᠰᠦ ᠳᠤ᠂ | ᠠᠷᠠᠳ ᠤᠨ ᠠᠮᠢᠲᠤᠷᠠᠯ ᠢ ᠪᠠᠲᠤᠯᠠᠠ ᠰᠠᠶᠢᠵᠢᠷᠠᠭᠤᠯᠬᠤ ᠳᠦᠪᠰᠢᠨ ᠢ ᠳᠡᠬᠡᠭᠰᠢᠯᠡᠬᠦᠯᠬᠦ ᠭᠡᠷᠡᠭᠲᠡᠢ ᠬᠡᠪᠡ᠃ | ᠯᠢ ᠺᠧ ᠴᠢᠶᠠᠩ ᠪᠠᠰᠠ ᠵᠠᠰᠠᠭ ᠤᠨ ᠤᠷᠲᠤᠨ ᠤ ᠲᠤᠰ ᠪᠡᠶ᠎ᠠ ᠶᠢᠨ ᠪᠠᠶᠢᠭᠤᠯᠤᠯᠲᠠ᠂ ᠦᠨᠲᠦᠰᠦᠲᠠᠠ᠂ ᠱᠠᠰᠢᠨ | ᠰᠤᠷᠲᠠᠬᠤᠨ ᠪᠤᠯᠤᠨ ᠬᠠᠷᠢᠶᠠᠲᠦ ᠨᠠᠷ ᠤᠨ ᠠᠵᠢᠯ ᠢ ᠴᠢᠩᠭᠠᠳᠬᠠᠬᠤ᠂ ᠤᠯᠤᠰ ᠤᠨ ᠪᠠᠲᠤᠯᠠᠠ ᠬᠠᠮᠠᠭᠠᠯᠠᠯᠲᠠ ᠪᠤᠯᠤᠨ | ᠴᠡᠷᠢᠭ ᠠᠩᠭᠢ ᠶᠢᠨ ᠪᠦᠳᠦᠬᠡᠨ ᠪᠠᠶᠢᠭᠤᠯᠤᠯᠲᠠ᠂ ᠰᠢᠶᠠᠩᠭᠠᠩ ᠤᠤᠮᠸᠠ ᠤ ᠬᠦᠭᠵᠢᠯᠲᠠ ᠪᠤᠯᠤᠨ ᠲᠠᠶᠢᠸᠠᠨ | ᠬᠤᠭᠤᠯᠠᠢ ᠶᠢᠨ ᠬᠤᠶᠠᠷ ᠬᠦᠪᠡᠬᠡᠨ ᠤ ᠬᠠᠷᠢᠴᠠᠭ᠎ᠠ ᠵᠢᠴᠢ ᠮᠠᠠ ᠤ ᠤᠯᠤᠰ ᠤᠨ ᠭᠠᠲᠠᠭᠠᠲᠤ ᠬᠠᠷᠢᠯᠴᠠᠭᠠᠠ ᠤ | ᠲᠦᠷᠦ ᠶᠢᠨ ᠪᠤᠲᠤᠯᠭ᠎ᠠ ᠶᠢ ᠲᠤᠲᠤᠷᠬᠠᠢᠢᠯᠠᠠ ᠦᠭᠦᠯᠡᠵᠠᠢ᠃ | ᠬᠤᠷᠠᠯ ᠤᠨ ᠵᠦᠪᠯᠡᠬᠦ ᠵᠦᠢᠯ ᠢ ᠦᠨᠲᠦᠰᠦᠯᠡᠵᠦ᠂ ᠶᠡᠭᠡ ᠬᠤᠷᠠᠯ ᠠᠴᠠ 2017 ᠤᠨ ᠤ ᠤᠯᠤᠰ ᠠᠷᠠᠳ ᠤᠨ | ᠠᠵᠦ ᠠᠬᠤᠢ ᠪᠤᠯᠤᠨ ᠨᠡᠶᠢᠭᠡᠮ ᠤᠨ ᠬᠦᠭᠵᠢᠯᠲᠠ ᠶᠢᠨ ᠲᠦᠯᠦᠪᠯᠡᠭᠡ ᠶᠢ ᠭᠡᠷᠡᠭᠵᠢᠭᠦᠯᠦᠭᠰᠡᠡ ᠪᠠᠶᠢᠲᠠᠯ ᠪᠤᠯᠤᠨ | 2018 ᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠯᠲᠠ ᠶᠢᠨ ᠲᠦᠯᠦᠪᠯᠡᠭᠡ ᠶᠢᠨ | ᠲᠦᠰᠦᠯ ᠤᠨ ᠮᠡᠲᠡᠭᠦᠯᠦᠯᠲᠡ ᠵᠢᠴᠢ 2018 ᠤᠨ ᠤ ᠲᠦᠯᠦᠪᠯᠡᠭᠡ ᠶᠢᠨ ᠲᠦᠰᠦᠯ᠂ 2017 ᠤᠨ ᠤ ᠲᠦᠪ ᠤᠨ | ᠪᠠ ᠤᠷᠤᠠ ᠨᠤᠲᠤᠭ ᠤᠨ ᠲᠦᠰᠦᠪ ᠢ ᠭᠡᠷᠡᠭᠵᠢᠭᠦᠯᠦᠭᠰᠡᠡ ᠪᠠᠶᠢᠲᠠᠯ ᠪᠤᠯᠤᠨ 2018 ᠤᠨ ᠤ ᠲᠦᠪ ᠤᠨ ᠪᠠ ᠤᠷᠤᠨ | ᠨᠤᠲᠤᠭ ᠤᠨ ᠲᠦᠰᠦᠪ ᠤᠨ ᠲᠦᠰᠦᠯ ᠤᠨ ᠮᠡᠲᠡᠭᠦᠯᠦᠯᠲᠡ ᠵᠢᠴᠢ 2018 ᠤᠨ ᠤ ᠪᠦᠬᠦ ᠤᠯᠤᠰ ᠤᠨ ᠲᠦᠰᠦᠪ ᠤᠨ | ᠲᠦᠰᠦᠯ ᠢ ᠬᠢᠨᠠᠠ ᠪᠠᠶᠢᠴᠠᠭᠠᠨ᠎ᠠ᠃ | ᠬᠤᠷᠠᠯ ᠠᠴᠠ ᠠᠷᠪᠠᠠ ᠬᠤᠶᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠬᠤᠷᠢᠶᠠᠨ ᠲᠠᠷᠤᠭ᠎ᠠ ᠪᠦᠭᠡᠳ ᠨᠠᠷᠢᠨ ᠪᠢᠴᠢᠭ ᠤᠨ ᠲᠠᠷᠤᠭ᠎ᠠ | ᠸᠠᠩ ᠴᠸᠠ ᠤ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠦᠰᠦᠨ ᠬᠠᠤᠯᠢ ᠳᠤ ᠵᠠᠰᠠᠪᠤᠷᠢ | ᠤᠷᠤᠭᠤᠯᠬᠤ ᠲᠦᠰᠦᠯ ᠤᠨ ᠡᠬᠡ ᠨᠤᠤᠷᠠᠭ ᠤᠨ ᠲᠤᠬᠠᠢ ᠲᠠᠶᠢᠯᠪᠤᠷᠢᠯᠠᠯᠲᠠ ᠶᠢ ᠰᠤᠨᠤᠰᠴᠠᠢ᠃ | ᠸᠠᠩ ᠴᠸᠠ᠂ ᠦᠨᠲᠦᠰᠦᠨ ᠬᠠᠤᠯᠢ ᠪᠤᠯ ᠤᠯᠤᠰ ᠤᠨ ᠦᠨᠲᠦᠰᠦ ᠪᠤᠯᠬᠤ ᠬᠠᠤᠯᠢ ᠮᠦᠨ᠂ ᠤᠯᠤᠰ ᠢ ᠵᠠᠰᠠᠵᠦ | ᠲᠦᠷᠦ ᠶᠢ ᠲᠦᠪᠰᠢᠳᠭᠡᠬᠦ ᠶᠡᠷᠦᠩᠭᠡᠢ ᠲᠦᠷᠢᠮ ᠮᠦᠨ᠂ ᠨᠠᠮ ᠪᠤᠯᠤᠨ ᠤᠯᠤᠰ ᠤᠨ ᠬᠦᠰᠡᠯ ᠵᠤᠷᠢᠯᠲᠠ ᠶᠢᠨ | ᠲᠦᠪᠯᠡᠷᠡᠩᠭᠦᠢ ᠢᠯᠡᠷᠡᠯ ᠮᠦᠨ᠃ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢ᠂ ᠶᠡᠷᠦᠩᠭᠡᠢ ᠱᠦᠵᠢ | ᠰᠢ ᠶᠢᠨ ᠫᠢᠩ ᠬᠠᠤᠯᠢ ᠪᠠᠷ ᠤᠯᠤᠰ ᠢ ᠵᠠᠰᠠᠬᠤ ᠳᠤ ᠶᠠᠭᠤᠨ ᠤ ᠡᠮᠦᠨ᠎ᠠ ᠦᠨᠲᠦᠰᠤᠠ ᠬᠠᠤᠯᠢ ᠪᠠᠷ ᠤᠯᠤᠰ ᠢ | ᠵᠠᠰᠠᠬᠤ ᠶᠢ ᠪᠠᠷᠢᠮᠲᠠᠯᠠᠵᠦ᠂ ᠬᠠᠤᠯᠢ ᠪᠠᠷ ᠵᠠᠰᠠᠭ ᠪᠠᠷᠢᠬᠤ ᠳᠤ ᠶᠠᠭᠤᠨ ᠤ ᠡᠮᠦᠨ᠎ᠠ ᠦᠨᠲᠦᠰᠦᠨ ᠬᠠᠤᠯᠢ ᠪᠠᠷ ᠵᠠᠰᠠᠭ | ᠪᠠᠷᠢᠬᠤ ᠶᠢ ᠪᠠᠷᠢᠮᠲᠠᠯᠠᠬᠤ ᠭᠡᠷᠡᠭᠲᠡᠢ ᠭᠡᠵᠦ ᠤᠯᠠᠠᠲᠠ ᠴᠢᠬᠤᠯᠠᠴᠢᠯᠠᠵᠠᠢ᠃ ᠦᠨᠲᠦᠰᠤᠨ ᠬᠠᠤᠯᠢ ᠳᠤ ᠵᠠᠰᠠᠪᠤᠷᠢ | ᠤᠷᠤᠭᠤᠯᠬᠤ ᠪᠤᠯ ᠨᠠᠮ ᠪᠤᠯᠤᠨ ᠤᠯᠤᠰ ᠤᠨ ᠤᠯᠤᠰ ᠲᠦᠷᠦ ᠶᠢᠨ ᠠᠮᠢᠲᠤᠷᠠᠯ ᠳᠠᠬᠢ ᠨᠢᠭᠡᠠ ᠲᠤᠮᠤ ᠶᠠᠪᠤᠳᠠᠯ | ᠪᠤᠯᠤᠨ᠎ᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠰᠢᠨ᠎ᠠ ᠴᠠᠭ ᠦᠶ᠎ᠠ ᠳᠤ | ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠠ ᠬᠦᠭᠵᠢᠭᠦᠯᠬᠦ ᠪᠦᠬᠦ ᠲᠠᠯ᠎ᠠ ᠪᠠ ᠪᠠᠶᠢᠯᠲᠤᠬᠤ | ᠪᠤᠲᠤᠯᠭ᠎ᠠ ᠶᠢᠨ ᠦᠨᠲᠦᠷᠴᠡ ᠠᠴᠠ ᠲᠤᠭᠲᠠᠭᠠᠭᠰᠠᠠ ᠴᠢᠬᠤᠯᠠ ᠶᠡᠭᠡ ᠰᠢᠢᠳᠪᠦᠷᠢᠲᠦ ᠪᠤᠲᠤᠯᠭ᠎ᠠ ᠮᠦᠨ᠂ ᠪᠦᠬᠦ | ᠲᠠᠯ᠎ᠠ ᠪᠠᠷ ᠬᠠᠤᠯᠢ ᠪᠠᠷ ᠤᠯᠤᠰ ᠢ ᠵᠠᠰᠠᠬᠤ ᠶᠢ ᠠᠬᠢᠭᠤᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ | ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ ᠴᠢᠬᠤᠯᠡ ᠶᠡᠭᠡ ᠠᠷᠭ᠎ᠠ ᠬᠡᠮᠵᠢᠶ᠎ᠠ ᠮᠦᠨ ᠭᠡᠵᠦ | ᠵᠢᠭᠠᠵᠦ ᠭᠠᠷᠭᠠᠵᠠᠢ᠃ | ᠸᠠᠩ ᠴᠧᠨ᠂ ᠮᠠᠨ ᠤ ᠤᠯᠤᠰ ᠤᠨ ᠤᠳᠤ ᠶᠢᠨ ᠭᠡᠷᠡᠭᠵᠢᠭᠦᠯᠵᠤ ᠪᠠᠶᠢᠭ᠎ᠠ ᠦᠨᠳᠤᠰᠤᠨ ᠬᠠᠤᠯᠢ ᠪᠤᠯ | ᠤᠯᠤᠰ ᠤᠨ ᠪᠠᠶᠢᠳᠠᠯ ᠳᠤ ᠨᠠᠶᠢᠴᠡᠭᠰᠡᠨ᠂ ᠴᠠᠭ ᠦᠶ᠎ᠡ ᠶᠢᠨ ᠭᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ ᠰᠠᠶᠢᠨ | ᠦᠨᠳᠤᠰᠤᠨ ᠬᠠᠤᠯᠢ ᠪᠤᠯᠤᠨ᠎ᠡ᠂ ᠦᠭᠡᠷᠡᠴᠢᠯᠡᠯᠳᠡ ᠨᠡᠭᠡᠭᠡᠯᠳᠡ ᠪᠡ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ | ᠪᠦᠳᠦᠭᠡᠨ ᠪᠠᠶᠢᠭᠤᠯᠤᠯᠳᠡ ᠳᠤ ᠦᠨᠳᠤᠰᠤᠨ ᠬᠠᠤᠯᠢᠵᠢᠯ ᠤᠨ ᠪᠠᠳᠤᠯᠠᠭ᠎ᠠ ᠬᠠᠩᠭᠠᠵᠠᠢ᠂ ᠡᠷᠭᠡᠪᠰᠢ ᠡᠷᠡᠰ ᠬᠠᠮᠠᠭᠠᠯᠠᠵᠤ | ᠂ ᠤᠷᠳᠤ ᠬᠤᠭᠤᠴᠠᠭ᠎ᠠ ᠪᠠᠷ ᠪᠠᠷᠢᠮᠳᠠᠯᠠᠵᠤ᠂ ᠪᠦᠭᠦ ᠲᠠᠯ᠎ᠡ ᠪᠠᠷ ᠲᠤᠤᠱᠯᠠᠭᠤᠯᠬᠤ ᠭᠡᠷᠡᠭᠲᠠᠢ᠃ ᠦᠨᠳᠤᠰᠤᠨ ᠬᠠᠤᠯᠢ | ᠭᠠᠭᠴᠠᠬᠦ ᠲᠠᠰᠤᠷᠠᠯᠳᠡ ᠦᠭᠡᠢ ᠪᠠᠷ ᠰᠢᠨ᠎ᠡ ᠪᠠᠶᠢᠳᠠᠯ ᠳᠤ ᠵᠤᠬᠢᠴᠠᠵᠤ᠂ ᠰᠢᠨ᠎ᠡ ᠲᠤᠷᠰᠢᠯᠭ᠎ᠠ ᠶᠢ ᠰᠢᠩᠭᠡᠭᠡᠨ ᠠᠪᠴᠤ᠂ | ᠰᠢᠨ᠎ᠡ ᠦᠷ᠎ᠠ ᠪᠦᠳᠦᠭᠡᠯ ᠢ ᠨᠤᠳᠠᠯᠠᠠ ᠳᠤᠭᠳᠠᠭᠠᠵᠤ᠂ ᠰᠢᠨ᠎ᠡ ᠵᠢᠷᠤᠮᠵᠢᠯ ᠢ ᠡᠬᠦᠳᠪᠠᠯ ᠰᠠᠶᠢ ᠤᠳᠠᠭᠠᠨ ᠳᠠᠭᠠᠭᠠᠮᠠᠭᠠᠢ | ᠠᠮᠢᠵᠢᠷᠠᠯ ᠤᠨ ᠭᠦᠴᠤᠨ ᠲᠠᠢ ᠪᠤᠯᠵᠤ ᠴᠢᠳᠠᠨ᠎ᠡ᠃ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ ᠰᠢᠨ᠎ᠡ ᠪᠠᠶᠢᠳᠠᠯ ᠰᠢᠨ᠎ᠡ ᠦᠢᠯᠡᠳᠦᠯᠭᠡ ᠶᠢ ᠦᠨᠳᠤᠰᠦᠯᠡᠨ᠂ ᠮᠠᠨ ᠤ | ᠤᠯᠤᠰ ᠤᠨ ᠦᠨᠳᠤᠰᠤᠨ ᠬᠠᠤᠯᠢ ᠶᠢᠨ ᠦᠷᠭᠦᠯᠵᠢᠯᠡᠭᠦ ᠴᠢᠨᠠᠷ᠂ ᠲᠤᠭᠳᠠᠭᠤᠨ ᠴᠢᠨᠠᠷ᠂ ᠡᠷᠭᠡ ᠰᠦᠷᠳᠤ ᠴᠢᠨᠠᠷ ᠢ | ᠶᠡᠷᠦᠩᠭᠡᠢ ᠳᠤᠨᠢ ᠪᠠᠳᠤᠯᠠᠭᠰᠠᠨ ᠰᠠᠭᠤᠷᠢᠨ ᠲᠡᠭᠡᠷ᠎ᠡ ᠮᠠᠨ ᠤ ᠤᠯᠤᠰ ᠤᠨ ᠦᠨᠳᠤᠰᠤᠨ ᠬᠠᠤᠯᠢ ᠳᠤ ᠵᠤᠬᠢᠰᠳᠠᠢ | ᠵᠠᠰᠠᠪᠦᠷᠢ ᠤᠷᠤᠭᠤᠯᠬᠤ ᠴᠢᠬᠤᠯᠠᠳᠠᠢ ᠪᠤᠯᠵᠠᠢ ᠬᠡᠪᠡ᠃ | ᠸᠠᠩ ᠴᠧᠨ᠂ ᠦᠨᠳᠤᠰᠤᠨ ᠬᠠᠤᠯᠢ ᠳᠤ ᠵᠠᠰᠠᠪᠦᠷᠢ ᠤᠷᠤᠭᠤᠯᠬᠤ ᠪᠤᠯ ᠪᠦᠭᠦ ᠲᠠᠯ᠎ᠠ ᠲᠠᠢ ᠬᠤᠯᠪᠤᠭᠳᠠᠬᠤ | ᠴᠢᠬᠤᠯᠡ ᠶᠡᠭᠡ ᠤᠯᠤᠰ ᠲᠦᠷᠦ ᠶᠢᠨ ᠠᠵᠢᠯᠯᠠᠭ᠎ᠠ ᠪᠡ ᠴᠢᠬᠤᠯᠡ ᠶᠡᠭᠡ ᠬᠠᠤᠯᠢ ᠲᠤᠭᠳᠠᠭᠠᠬᠤ ᠠᠵᠢᠯᠯᠠᠭ᠎ᠠ ᠪᠤᠯᠤᠨ᠎ᠡ᠂ | ᠡᠷᠭᠡᠪᠰᠢ ᠨᠠᠮ ᠤᠨ ᠲᠦᠪ ᠬᠤᠷᠢᠶᠡᠨ ᠤ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠲᠤᠤᠷ᠎ᠠ ᠶᠠᠪᠤᠭᠳᠠᠭᠤᠯᠬᠤ | ᠭᠡᠷᠡᠭᠲᠠᠢ᠃ ᠨᠠᠮ ᠤᠨ ᠲᠦᠪ ᠬᠤᠷᠢᠶ᠎ᠠ ᠠᠴᠠ ᠲᠤᠭᠳᠠᠭᠠᠬᠰᠡᠨ ᠲᠤᠰ ᠤᠳᠠᠭ᠎ᠠ ᠶᠢᠨ ᠦᠨᠳᠤᠰᠤᠨ ᠬᠠᠤᠯᠢ ᠳᠤ | ᠵᠠᠰᠠᠪᠦᠷᠢ ᠤᠷᠤᠭᠤᠯᠬᠤ ᠶᠡᠷᠦᠩᠬᠡᠢ ᠱᠠᠭᠠᠷᠳᠠᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠦᠨᠳᠤᠷ ᠮᠠᠨᠳᠤᠭᠤᠯᠵᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠭᠦ ᠲᠠᠯ᠎ᠡ ᠪᠠᠷ ᠲᠤᠤᠱᠯᠠᠭᠤᠯᠵᠤ᠂ ᠮᠡᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ | ᠂ ᠳ᠋ᠧᠩ ᠰᠢᠶᠤᠤ ᠫᠢᠩ ᠤᠨ ᠤᠨᠤᠯ᠂ ︽ᠭᠤᠷᠪᠡ ᠶᠢ ᠲᠦᠯᠦᠭᠡᠯᠡᠭᠦ︾ ᠴᠢᠬᠤᠯᠡ ᠦᠵᠡᠯ ᠰᠠᠨᠠᠭ᠎ᠠ᠂ ᠰᠢᠨᠵᠢᠯᠡᠭᠦ | ᠤᠬᠠᠭᠠᠨᠴᠢ ᠭᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ | ᠤᠳᠤᠷᠢᠳᠤᠯᠭ᠎ᠠ᠂ ᠠᠷᠠᠳ ᠲᠦᠮᠡᠨ ᠡᠷᠭᠡ ᠮᠡᠳᠡᠵᠤ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢᠨ | ᠤᠷᠭᠠᠨᠢᠭ ᠨᠢᠭᠡᠳᠦᠯ ᠢ ᠪᠠᠷᠢᠮᠳᠠᠯᠠᠵᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠠᠴᠠ ᠲᠤᠭᠳᠠᠭᠠᠬᠰᠡᠨ ᠴᠢᠬᠤᠯᠡ | ᠶᠡᠭᠡ ᠤᠨᠤᠯ ᠦᠵᠡᠯᠳᠡ ᠪᠡ ᠴᠢᠬᠤᠯᠡ ᠶᠡᠭᠡ ᠴᠢᠭᠯᠡᠯᠳᠡ ᠲᠦᠷᠦ ᠶᠢᠨ ᠪᠤᠳᠤᠯᠭ᠎ᠠ᠂ ᠢᠯᠠᠩᠭᠤᠶ᠎ᠠ ᠰᠢ ᠶᠢᠨ ᠫᠢᠩ ᠤᠨ | ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠤᠯᠤᠰ ᠤᠨ ᠦᠨᠳᠤᠰᠤᠠ ᠬᠠᠤᠯᠢ ᠳᠤ ᠤᠷᠤᠭᠤᠯᠵᠤ᠂ ᠨᠠᠮ ᠪᠡ ᠤᠯᠤᠰ ᠤᠨ ᠠᠵᠢᠯ ᠦᠢᠯᠡᠰ ᠤᠨ ᠭᠦᠭᠵᠢᠯᠳᠡ ᠶᠢᠨ | ᠰᠢᠨ᠎ᠡ ᠠᠮᠵᠢᠯᠳᠠ ᠰᠢᠨ᠎ᠡ ᠲᠤᠷᠰᠢᠯᠭ᠎ᠠ ᠰᠢᠨ᠎ᠡ ᠱᠠᠭᠠᠷᠳᠠᠯᠭ᠎ᠠ ᠶᠢ ᠢᠯᠡᠷᠡᠭᠦᠯᠵᠤ᠂ ᠮᠠᠨ ᠤ ᠤᠯᠤᠰ ᠤᠨ ᠦᠨᠳᠤᠰᠤᠨ | ᠬᠠᠤᠯᠢ ᠶᠢᠨ ᠦᠷᠭᠦᠯᠵᠢᠯᠡᠭᠦ ᠴᠢᠨᠠᠷ᠂ ᠲᠤᠭᠳᠠᠭᠤᠨ ᠴᠢᠨᠠᠷ᠂ ᠡᠷᠭᠡ ᠰᠦᠷᠳᠤ ᠴᠢᠨᠠᠷ ᠢ ᠶᠡᠷᠦᠩᠭᠡᠢ ᠳᠤᠨᠢ ᠪᠠᠳᠤᠯᠠᠬᠰᠠᠨ | ᠰᠠᠭᠤᠷᠢᠨ ᠳᠡᠭᠡᠷ᠎ᠡ ᠦᠨᠳᠤᠰᠤᠨ ᠬᠠᠤᠯᠢ ᠶᠢᠨ ᠴᠠᠭ ᠦᠶ᠎ᠠ ᠶᠢ ᠲᠠᠭᠠᠨ ᠪᠦᠬᠦ ᠳᠠᠯ᠎ᠠ ᠪᠠᠷ ᠤᠷᠤᠬᠰᠢᠯᠠᠬᠤ ᠪᠠ | ᠳᠡᠬᠦᠯᠳᠡᠷᠵᠢᠨ ᠬᠦᠭᠵᠢᠬᠦ ᠶᠢ ᠠᠬᠢᠭᠤᠯᠵᠦ᠂ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠡ ᠶᠢ ᠪᠡᠶᠡᠯᠡᠭᠦᠯᠭᠦ | ᠪᠡ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠭᠦᠨ ᠮᠠᠨᠳᠤᠯᠳᠡ ᠶᠢᠨ ᠲᠤᠮᠳᠠᠳᠤ ᠶᠢᠨ ᠵᠡᠭᠦᠳᠤ ᠶᠢ | ᠳᠡᠷᠬᠡᠯᠰᠢᠬᠦᠯᠬᠦ ᠳᠤ ᠦᠨᠳᠤᠰᠤᠨ ᠬᠠᠤᠯᠢ ᠶᠢᠨ ᠬᠦᠴᠦᠨ ᠪᠦᠬᠦᠢ ᠪᠠᠳᠤᠯᠠᠭ᠎ᠠ ᠬᠠᠩᠭᠠᠬᠤ ᠪᠤᠯᠤᠨ᠎ᠠ ᠭᠡᠵᠦ ᠵᠢᠭᠠᠵᠦ | ᠭᠠᠷᠭᠠᠪᠠ᠃ | ᠸᠠᠩ ᠴᠧᠨ᠂ ᠳᠡᠭᠡᠷ᠎ᠡ ᠲᠤᠷᠠᠳᠤᠭᠰᠠᠨ ᠶᠡᠷᠦᠩᠬᠡᠢ ᠱᠠᠭᠠᠷᠳᠠᠯᠭ᠎ᠠ ᠶᠢ ᠲᠤᠤᠱᠯᠠᠬᠤᠯᠤᠨ ᠢᠯᠡᠷᠡᠭᠦᠯᠵᠦ᠂ ᠲᠤᠰ | ᠤᠳᠠᠭ᠎ᠠ ᠶᠢᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠠᠵᠢᠯ ᠳᠤᠤᠷᠠᠬᠢ ᠮᠠᠳᠤ ᠵᠠᠷᠴᠢᠮ ᠢ ᠵᠢᠷᠤᠮᠯᠠᠪᠠ᠄ | ᠨᠢᠭᠡ ᠳᠤ᠂ ᠨᠠᠮ ᠤᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠠᠵᠢᠯ ᠳᠠᠬᠢ ᠤᠳᠤᠷᠢᠳᠤᠯᠭ᠎ᠠ ᠶᠢ | ᠪᠠᠷᠢᠮᠲᠠᠯᠠᠪᠠ︔ ᠬᠤᠶᠠᠷ ᠲᠤ᠂ ᠬᠠᠤᠯᠢ ᠶᠢ ᠴᠢᠩᠭ᠎ᠠ ᠵᠢᠷᠤᠮᠯᠠᠵᠤ ᠲᠡᠰ ᠳᠠᠷᠠᠭᠠᠯᠠᠯ ᠶᠤᠰᠤᠭᠠᠷ ᠦᠨᠳᠦᠰᠦᠨ | ᠬᠠᠤᠯᠢ ᠳᠤ ᠵᠠᠰᠠᠪᠤᠷᠢ ᠤᠷᠤᠭᠤᠯᠪᠠ︔ ᠭᠤᠷᠪᠠ ᠲᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠮᠲᠤ ᠶᠢᠨ | ᠲᠠᠨᠢᠯᠲᠠ ᠶᠢ ᠦᠷᠭᠡᠨ ᠢᠶᠠᠷ ᠳᠦᠪᠯᠡᠷᠡᠬᠦᠯᠪᠠ︔ ᠳᠦᠷᠪᠡ ᠲᠤ᠂ ᠦᠨᠳᠦᠰᠦᠨ ᠬᠠᠤᠯᠢ ᠶᠢᠨ ᠵᠠᠷᠢᠮ ᠬᠡᠰᠡᠭ | ᠠᠭᠤᠯᠭ᠎ᠠ ᠳᠤ ᠵᠠᠰᠠᠪᠤᠷᠢ ᠤᠷᠤᠭᠤᠯᠵᠦ᠂ ᠶᠡᠭᠡ ᠵᠠᠰᠠᠪᠤᠷᠢ ᠤᠷᠤᠭᠤᠯᠬᠤ ᠦᠭᠡᠢ ᠪᠠᠶᠢᠬᠤ ᠶᠢ ᠪᠠᠷᠢᠮᠲᠠᠯᠠᠪᠠ ᠬᠡᠵᠠᠢ᠃ | | ᠨᠠᠮ ᠤᠨ ᠲᠦᠪ ᠬᠤᠷᠢᠶᠠᠨ ᠤ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠤᠬᠠᠢ ᠰᠠᠨᠠᠭᠤᠯᠭ᠎ᠠ ᠪᠤᠯᠤᠨ | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠤᠬᠠᠢ ᠲᠦᠰᠦᠯ ᠤᠨ ᠨᠤᠤᠷᠠᠭ ᠤᠨ ᠪᠦᠷᠢᠯᠳᠦᠭᠰᠡᠨ ᠶᠠᠪᠤᠴᠠ ᠶᠢ | ᠲᠤᠳᠤᠷᠬᠠᠢᠢᠯᠠᠭᠰᠠᠨ ᠤ ᠳᠠᠷᠠᠭ᠎ᠠ᠂ ᠸᠠᠩ ᠴᠧᠨ 11 ᠲᠠᠯ᠎ᠠ ᠪᠠᠷ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ | ᠲᠤᠬᠠᠢ ᠲᠦᠰᠦᠯ ᠤᠨ ᠡᠬᠡ ᠨᠤᠤᠷᠠᠭ ᠤᠨ ᠪᠤᠲᠠᠲᠠᠢ ᠠᠭᠤᠯᠭ᠎ᠠ ᠶᠢ ᠲᠠᠨᠢᠯᠴᠠᠭᠤᠯᠪᠠ᠄ ᠰᠢᠨᠵᠢᠯᠡᠬᠦ ᠤᠬᠠᠭᠠᠨᠴᠢ | ᠬᠦᠭᠵᠢᠯᠲᠠ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠤᠯᠤᠰ ᠤᠨ ᠤᠯᠤᠰ ᠲᠦᠷᠦ ᠪᠤᠯᠤᠨ ᠨᠡᠶᠢᠭᠡᠮ ᠤᠨ ᠠᠮᠢᠳᠤᠷᠠᠯ ᠳᠠᠬᠢ | ᠵᠢᠯᠤᠭᠤᠳᠬᠤ ᠪᠠᠶᠢᠷᠢ ᠰᠠᠭᠤᠷᠢ ᠶᠢ ᠲᠤᠬᠳᠠᠭᠠᠪᠠ︔ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠢᠯᠡᠰ ᠤᠨ ᠶᠡᠷᠦᠩᠭᠡᠢ ᠪᠠᠶᠢᠷᠢᠰᠢᠭᠤᠯᠤᠯᠲᠠ ᠪᠤᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ | ᠠᠭᠤᠯᠭ᠎ᠠ ᠶᠢ ᠲᠤᠬᠢᠷᠠᠭᠤᠯᠵᠤ ᠳᠡᠬᠦᠯᠳᠡᠷᠵᠢᠭᠦᠯᠪᠡ︔ ᠬᠠᠤᠯᠢ ᠪᠠᠷ ᠤᠯᠤᠰ ᠢᠶᠠᠨ ᠵᠠᠰᠠᠬᠤ ᠪᠠ ᠦᠨᠳᠦᠰᠦᠨ | ᠬᠠᠤᠯᠢ ᠶᠢᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠪᠡ︔ ᠮᠠᠨ ᠤ ᠤᠯᠤᠰ ᠤᠨ ᠬᠤᠪᠢᠰᠬᠠᠯ ᠪᠤᠯᠤᠨ | ᠪᠦᠲᠦᠭᠡᠨ ᠪᠠᠶᠢᠭᠤᠯᠤᠯᠲᠠ ᠶᠢᠨ ᠬᠦᠭᠵᠢᠯᠲᠡ ᠶᠢᠨ ᠲᠡᠦᠭᠡᠨ ᠠᠬᠢᠴᠠ ᠶᠢᠨ ᠠᠭᠤᠯᠭ᠎ᠠ ᠶᠢ ᠪᠦᠷᠢᠨᠰᠢᠭᠦᠯᠵᠦ | ᠲᠡᠭᠦᠯᠳᠡᠷᠵᠢᠭᠦᠯᠪᠠ︔ ᠤᠯᠤᠰ ᠢᠶᠠᠨ ᠬᠠᠶᠢᠷᠠᠯᠠᠬᠤ ᠨᠢᠭᠡᠲᠦᠮᠡᠯ ᠹᠷᠤᠨᠲ ᠪᠤᠯᠤᠨ ᠦᠨᠳᠦᠰᠦᠲᠡᠨ ᠤ ᠬᠠᠷᠢᠴᠠᠭᠠᠨ ᠤ | ᠠᠭᠤᠯᠭ᠎ᠠ ᠶᠢ ᠪᠦᠷᠢᠨᠰᠢᠭᠦᠯᠵᠦ ᠲᠡᠭᠦᠯᠳᠡᠷᠵᠢᠭᠦᠯᠪᠡ︔ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠤᠳᠤᠯᠭ᠎ᠠ ᠶᠢᠨ ᠲᠠᠯ᠎ᠠ ᠪᠠᠷ ᠬᠢ ᠠᠭᠤᠯᠭ᠎ᠠ ᠶᠢ ᠪᠦᠷᠢᠨᠰᠢᠬᠦᠯᠪᠡ︔ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠠᠭᠤᠯᠭ᠎ᠠ ᠶᠢ ᠪᠦᠷᠢᠨᠰᠢᠬᠦᠯᠪᠡ︔ ᠨᠡᠶᠢᠭᠡᠮ | ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠰᠠᠨᠠᠭᠠᠴᠢᠯᠠᠬᠤ ᠠᠭᠤᠯᠭ᠎ᠠ ᠶᠢ ᠨᠡᠮᠡᠪᠡ︔ ᠤᠯᠤᠰ ᠤᠨ | ᠲᠡᠷᠢᠭᠦᠯᠡᠭᠴᠢ ᠶᠢᠨ ᠲᠤᠰᠢᠶᠠᠯ ᠡᠬᠦᠷᠭᠡᠯᠡᠬᠦ ᠲᠠᠯ᠎ᠠ ᠪᠠᠷ ᠬᠢ ᠬᠠᠮᠢᠶ᠎ᠠ ᠪᠦᠬᠦᠢ ᠲᠤᠭᠲᠠᠭᠠᠯ ᠳᠤ ᠵᠠᠰᠠᠪᠤᠷᠢ ᠤᠷᠤᠭᠤᠯᠪᠠ︔ | ᠲᠤᠭᠤᠷᠢᠭ ᠪᠠᠶᠢᠭᠤᠯᠤᠭᠰᠠᠨ ᠬᠤᠲᠠ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠲᠤᠭᠲᠠᠭᠠᠬᠤ ᠳᠤᠭᠳᠠᠭᠠᠯ ᠢ | ᠨᠡᠮᠡᠪᠡ︔ ᠬᠢᠨᠠᠨ ᠪᠠᠶᠢᠴᠠᠭᠠᠬᠤ ᠵᠦᠪᠯᠡᠯ ᠤᠨ ᠬᠠᠮᠢᠶ᠎ᠠ ᠪᠦᠬᠦᠢ ᠡᠯ᠎ᠡ ᠵᠦᠢᠯ ᠤᠨ ᠲᠤᠭᠲᠠᠭᠠᠯ ᠢ ᠨᠡᠮᠡᠪᠡ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠮᠠ ᠺᠠᠢ᠂ ᠯᠢᠦ | ᠾᠧ᠂ ᠯᠢᠤ ᠶᠠᠨ ᠳ᠋ᠦᠡᠭ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠵᠢᠶᠠᠨ | ᠭᠦᠸᠧ᠂ ᠯᠢ ᠬᠤᠨᠭ᠌ ᠵᠦᠡᠭ᠂ ᠯᠢ ᠶᠤᠸᠠᠨ ᠴᠤᠤ᠂ ᠶᠠᠩ ᠵᠢᠶᠧ ᠤᠤᠢ᠂ ᠶᠠᠩ ᠰᠢᠶᠤᠤ ᠳᠤ᠂ ᠵᠠᠩ ᠶᠢᠤ ᠰᠢᠶᠠ᠂ | ᠴᠧᠨ ᠴᠢᠤᠸᠠᠨ ᠭᠦᠸᠧ᠂ ᠴᠧᠨ ᠮᠢᠨ ᠡᠯ᠂ ᠹᠠᠨ ᠴᠠᠩ ᠯᠦᠡᠭ᠂ ᠬᠤ᠋ ᠴᠦᠨ ᠬᠤᠸᠠ᠂ ᠭᠦᠸᠧ ᠱᠸᠡᠭ ᠺᠦᠨ᠂ | ᠬᠤᠸᠠᠩ ᠺᠦᠨ ᠮᠢᠩ᠂ ᠼᠠᠢ ᠴᠢ᠂ ᠸᠠᠩ ᠴᠢ ᠱᠠᠨ᠂ ᠶᠢᠤ ᠴᠢᠤᠸᠠᠨ᠂ ᠸᠠᠩ ᠱᠸᠡᠭ ᠵᠢᠶᠦ᠋ᠨ᠂ ᠴᠧᠨ ᠴᠠᠩ ᡁᠢ᠂ | ᠶᠠᠨ ᠵᠢᠶᠦ᠋ᠨ ᠴᠢ᠂ ᠵᠠᠩ ᠫᠢᠡᠭ᠂ ᠵᠠᠮᠪᠠᠯᠫᠤᠩᠰᠤᠭ᠂ ᠵᠠᠩ ᠪᠤᠤ ᠸᠧᠨ᠂ ᠴᠠᠩ ᠸᠠᠨ ᠴᠢᠤᠸᠠᠨ᠂ ᠸᠠᠩ ᠶᠦᠡᠭ᠂ | ᠵᠸᠤ ᠴᠢᠶᠠᠩ᠂ ᠳᠤ ᠴᠢᠩ ᠯᠢᠨ᠂ ᠬᠠᠨ ᠴᠢ ᠳ᠋ᠧ᠂ ᠫᠠᠪᠠᠯᠠ · ᠭᠧᠯᠭᠨᠠᠮᠵᠢᠯ᠂ ᠳ᠋ᠦᠡᠭ ᠵᠢᠶᠠᠨ ᠬᠤᠸᠠ᠂ ᠸᠠᠨ ᠭᠠᠨᠭ᠌᠂ | ᠯᠢᠨ ᠸᠧᠨ ᠢ᠂ ᠯᠦᠸᠧ ᠹᠦ᠋ ᠾᠧ᠂ ᠾᠧ ᠾᠸᠦ ᠬᠤᠸᠠ᠂ ᠵᠠᠩ ᠴᠢᠩ ᠯᠢ᠂ ᠯᠢ ᠬᠠᠢ ᠹᠸᠡᠭ᠂ ᠴᠧᠨ ᠶᠤᠸᠠᠨ᠂ | ᠯᠤ᠋ ᠵᠠᠨ ᠬᠦᠩ᠂ ᠵᠸᠤ ᠰᠢᠶᠤᠤ ᠴᠤᠸᠠᠨ᠂ ᠸᠠᠩ ᠵᠢᠶᠠ ᠷᠦᠢ᠂ ᠸᠠᠩ ᠵᠸᠡᠭ ᠸᠧᠢ᠂ ᠮᠠ ᠪᠢᠶᠤᠤ᠂ ᠴᠢ ᠰᠢᠤᠢ | ᠴᠦᠨ᠂ ᠴᠧᠨ ᠰᠢᠶᠤᠤ ᠭᠤᠸᠠᠩ᠂ ᠮᠠ ᠫᠸᠢ ᠬᠤᠸᠠ᠂ ᠯᠢᠤ ᠰᠢᠶᠤᠤ ᠹᠸᠡᠭ᠂ ᠸᠠᠩ ᠴᠢᠨ ᠮᠢᠨ᠂ ᠯᠢᠶᠠᠩ ᠵᠧᠨ | ᠶᠢᠩ᠂ ᠯᠢᠤ ᠴᠢ ᠪᠤᠤ ᠵᠢᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠡ ᠶᠢᠨ ᠭᠡᠰᠢᠭᠦᠨ ᠸᠧᠢ ᠹᠸᠡᠭ ᠾᠧ᠂ ᠯᠢ | ᠽᠦᠸᠧ ᠴᠸᠡᠭ᠂ ᠮᠢᠶᠤᠤ ᠬᠤᠸᠠ᠂ ᠵᠠᠩ ᠱᠸᠡᠭ ᠮᠢᠨ᠂ ᠵᠤᠤ ᠺᠧ ᠱᠢ᠂ ᠡᠤ ᠱᠸᠡᠭ ᠯᠢ᠂ ᠮᠠ ᠰᠢᠶᠤᠤ ᠲᠢᠶᠠᠨ | ᠨᠠᠷ ᠪᠤᠢ᠃ | ᠰᠢᠶᠠᠩᠭᠠᠡᠭ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠯᠢᠨ ᠵᠸᠡᠭ ᠶᠤᠸᠠᠢ ᠡᠸ᠋ | ᠂ ᠤᠤᠮᠧᠨ ᠤᠨᠴᠠᠭᠠᠢ ᠵᠠᠰᠠᠭ ᠵᠠᠭᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠼᠦᠢ ᠱᠢ ᠠᠨ ᠬᠤᠷᠠᠯ ᠳᠤ | ᠰᠤᠯᠠ ᠤᠷᠤᠯᠴᠠᠭᠰᠠᠨ ᠪᠦᠬᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠪᠠ᠃ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ | ᠬᠤᠷᠠᠯ ᠳᠤ ᠤᠷᠤᠯᠴᠠᠵᠤ ᠪᠠᠶᠢᠭ᠎ᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠶᠡᠭᠡ ᠬᠤᠷᠠᠯ ᠳᠤ ᠰᠤᠯᠠ | ᠤᠷᠤᠯᠴᠠᠪᠠ᠃ | ᠲᠦᠪ ᠤᠨ ᠪᠠ ᠤᠯᠤᠰ ᠤᠨ ᠪᠠᠶᠢᠭᠤᠯᠤᠯᠭ᠎ᠠ ᠶᠢᠨ ᠬᠠᠮᠢᠶ᠎ᠠ ᠪᠦᠭᠦᠢ ᠰᠠᠯᠠᠭ᠎ᠠ ᠮᠦᠴᠢᠷ᠂ ᠴᠢᠯᠤᠭᠡᠯᠡᠭᠦ | ᠴᠡᠷᠢᠭ ᠤᠨ ᠬᠠᠮᠢᠶ᠎ᠠ ᠪᠦᠭᠦᠢ ᠨᠢᠭᠡᠴᠡ᠂ ᠡᠯ᠎ᠠ ᠠᠷᠠᠳ ᠤᠨ ᠪᠦᠯᠭᠦᠮ ᠤᠨ ᠬᠠᠮᠢᠶ᠎ᠠ ᠪᠦᠭᠦᠢ ᠬᠠᠷᠢᠭᠤᠴᠠᠯᠭᠠᠳᠠᠨ | ᠬᠤᠷᠠᠯ ᠳᠤ ᠰᠤᠯᠠ ᠤᠷᠤᠯᠴᠠᠭᠰᠠᠨ ᠪᠤᠶᠤ ᠬᠤᠷᠠᠯ ᠢ ᠰᠤᠯᠠ ᠰᠤᠨᠤᠰᠴᠠᠢ᠃ | ᠡᠯ᠎ᠡ ᠤᠯᠤᠰ ᠤᠨ ᠲᠤᠮᠳᠠᠳᠤ ᠤᠯᠤᠰ ᠲᠤ ᠰᠠᠭᠤᠭ᠎ᠠ ᠡᠯᠴᠢᠳ ᠶᠡᠭᠡ ᠬᠤᠷᠠᠯ ᠢ ᠰᠤᠯᠠ ᠰᠤᠨᠤᠰᠪᠠ᠃ |