ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠪᠡᠬᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2018/3/8
    ᠰᠢ ᠶᠢᠨ ᠫᠢᠩ ᠯᠢ ᠺᠧ ᠴᠢᠶᠠᠩ ᠵᠠᠩ ᠳ᠋ᠧ ᠵᠢᠶᠠᠩ ᠵᠠᠩ ᠭᠤᠤ ᠯᠢ ᠯᠢ ᠵᠠᠨ ᠱᠦ ᠸᠠᠩ ᠬᠤ᠋ ᠨᠢᠩ ᠵᠤᠤ ᠯᠧ ᠵᠢᠢ ᠬᠠᠨ ᠵᠧᠩ ᠬᠤᠷᠠᠯ ᠳᠤ ᠰᠠᠭᠠᠳᠠᠵᠥ ᠪᠠᠶᠠᠷ ᠬᠦᠷᠬᠡᠵᠠᠢ         ᠢᠥᠢ ᠵᠧᠩ ᠱᠧᠩ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠡ ᠬᠢᠪᠡ           ᠸᠠᠩ ᠶᠠᠩ ᠬᠤᠷᠠᠯ ᠢ ᠡᠷᠬᠢᠯᠡᠵᠠᠢ         ᠸᠠᠨ ᠭᠠᠩ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠡ ᠬᠢᠪᠡ      
    3 ᠰᠠᠷ᠎ᠠ ᠶᠢᠨ 3 ᠤ ᠡᠳᠤᠷ᠂ ᠳᠤᠮᠳᠠᠳᠤ ᠤᠯᠤᠰ ᠤᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ  ᠱᠧᠩ᠂ ᠵᠠᠩ ᠭᠤᠤ ᠯᠢ᠂ ᠯᠢ ᠵᠠᠠ ᠱᠦ᠂ ᠸᠠᠩ ᠬᠤ᠋ ᠨᠢᠩ᠂ ᠵᠤᠤ ᠯᠧ ᠵᠢᠢ᠂ ᠬᠠᠠ ᠵᠧᠩ ᠲᠠᠷᠢᠭᠦᠯᠡᠭᠴᠢ ᠶᠢᠨ ᠲᠠᠶᠢᠰᠠᠠ ᠳᠤ ᠰᠠᠭᠠᠲᠠᠪᠠ᠃         ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ                  
    3 ᠰᠠᠷ᠎ᠠ ᠶᠢᠨ 3 ᠤ ᠡᠳᠤᠷ᠂ ᠳᠤᠮᠳᠠᠳᠤ ᠤᠯᠤᠰ ᠤᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ  ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ  ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠠᠷᠪᠠᠠ ᠬᠤᠶᠠᠲᠤᠭᠠᠷ ᠬᠤᠭᠤᠴᠠᠭᠠᠠ ᠤ ᠪᠦᠬᠦ ᠤᠯᠤᠰ ᠤᠨ ᠤᠯᠤᠰ  ᠲᠦᠷᠦ ᠶᠢᠨ ᠵᠦᠪᠯᠡᠯᠭᠡᠡ ᠤ ᠲᠡᠷᠢᠭᠦᠯᠡᠭᠴᠢ ᠢᠤᠢ ᠵᠧᠩ ᠱᠧᠩ ᠤᠯᠤᠰ ᠲᠦᠷᠦ ᠶᠢᠨ ᠵᠦᠪᠯᠡᠯᠭᠡᠡ ᠤ ᠠᠷᠪᠠᠠ  ᠬᠤᠶᠠᠲᠤᠭᠠᠷ ᠬᠤᠭᠤᠴᠠᠭᠠᠠ ᠤ ᠪᠦᠬᠦ ᠤᠯᠤᠰ ᠤᠨ ᠬᠤᠷᠢᠶᠠᠠ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ᠂ ᠶᠡᠭᠡ  ᠬᠤᠷᠠᠯ ᠳᠤ ᠦᠩᠭᠡᠷᠡᠭᠰᠡᠡ ᠲᠠᠪᠤᠠ ᠵᠢᠯ ᠤᠨ ᠠᠵᠢᠯ ᠤᠨ ᠮᠡᠲᠡᠭᠦᠯᠦᠯᠲᠠ ᠬᠢᠪᠠ᠃         ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠠᠩ ᠰᠢᠩ ᠯᠸᠢ ᠰᠡᠬᠦᠳᠡᠷᠯᠡᠪᠡ            
    3 ᠰᠠᠷ᠎ᠠ ᠶᠢᠨ 3 ᠤ ᠡᠳᠤᠷ᠂ ᠳᠤᠮᠳᠠᠳᠤ ᠤᠯᠤᠰ ᠤᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ  ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ  ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠸᠠᠩ ᠶᠠᠩ ᠡᠬᠢᠯᠡᠯᠳᠡ ᠶᠢᠨ ᠬᠤᠷᠠᠯ ᠢ ᠡᠷᠬᠢᠯᠡᠪᠡ᠃     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠲᠤᠤ ᠰᠡᠬᠦᠳᠡᠷᠯᠡᠪᠡ                         ᠰᠡᠳᠬᠢᠯ ᠢᠶᠠᠨ ᠨᠢᠬᠡᠳᠬᠡᠠ ᠬᠦᠴᠦᠨ ᠢᠶᠠᠨ ᠬᠠᠮᠳᠤᠳᠬᠠᠵᠤ ᠰᠢᠨ᠎ᠡ ᠴᠠᠬ ᠦᠶ᠎ᠡ ᠯᠦᠭᠡ ᠭᠠᠷ ᠬᠤᠯᠪᠤᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠨ ᠬᠡᠷᠡᠯ ᠰᠠᠴᠤᠷᠠᠩᠭᠤᠢ ᠰᠢᠨ᠎ᠠ ᠠᠮᠵᠢᠯᠳᠠ ᠶᠢ ᠡᠬᠦᠳᠦᠨ᠎ᠡ᠃ ᠦᠩᠬᠡ ᠬᠡᠷᠡᠯᠳᠡᠢ ᠤᠨ ᠰᠠᠷ᠎ᠠ ᠶᠢ ᠦᠩᠬᠡᠷᠡᠬᠦᠯᠵᠥ᠂ ᠪᠦᠯᠬᠦᠮᠳᠡᠯ ᠪᠠ ᠠᠷᠠᠳᠴᠢᠯᠠᠯ ᠬᠤᠶᠠᠷ ᠭᠤᠤᠯ ᠰᠡᠳᠦᠪ ᠢ ᠪᠠᠷᠢᠮᠳᠠᠯᠠᠬᠰᠠᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠪᠠᠰᠠ ᠨᠢᠬᠡᠨ ᠴᠢᠬᠤᠯᠠ ᠳᠡᠥᠬᠡ ᠶᠢᠨ ᠴᠠᠬ ᠮᠦᠴᠡ ᠪᠠᠨ ᠤᠬᠳᠤᠨ ᠠᠪᠤᠯ᠎ᠡ᠄ ᠳᠤᠮᠳᠠᠳᠤ ᠤᠯᠤᠰ ᠤᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ 3 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠳᠠᠩᠬᠢᠮ ᠳᠤ ᠡᠬᠢᠯᠡᠪᠡ᠃       ᠬᠤᠷᠠᠯ ᠳᠡᠬᠡᠷ᠎ᠠ ᠬᠢᠭᠰᠡᠨ ᠤᠯᠤᠰ ᠲᠦᠷᠦ ᠶᠢᠨ ᠵᠦᠪᠯᠡᠯᠭᠡᠨ ᠤ ᠠᠷᠪᠡᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠠ ᠳᠤ᠄ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠠᠤᠭ᠎ᠠ ᠵᠢᠷᠤᠭ ᠳᠦᠯᠦᠪᠯᠡᠭᠡ ᠶᠢ ᠵᠢᠷᠤᠬᠯᠠᠵᠦ᠂ ᠨᠠᠮ ᠪᠠ ᠤᠯᠤᠰ ᠤᠨ ᠠᠵᠢᠯ ᠦᠢᠯᠡᠰ ᠤᠨ ᠤᠷᠤᠬᠰᠢᠯᠠᠬᠤ ᠴᠢᠭᠯᠡᠯ ᠢ ᠴᠢᠨᠠᠬᠰᠢᠳᠠ ᠵᠢᠭᠠᠨ ᠳᠤᠳᠤᠷᠬᠠᠢᠢᠯᠠᠵᠠᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠠᠨ ᠪᠤᠯᠭᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠦᠪᠯᠡᠯᠭᠡᠨ ᠤ ᠠᠵᠢᠯ ᠢᠶᠠᠨ ᠵᠢᠯᠤᠭᠤᠳᠤᠭᠤᠯᠬᠤ ᠶᠡᠷᠦᠩᠭᠡᠢ ᠬᠦᠳᠦᠯᠪᠦᠷᠢ ᠪᠠᠨ ᠪᠤᠯᠭᠠᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠪᠠᠷ ᠬᠠᠮᠳᠦ ᠶᠢᠨ ᠦᠵᠡᠯ ᠰᠠᠨᠠᠭ᠎ᠠ ᠤᠯᠤᠰ ᠳᠦᠷᠦ ᠶᠢᠨ ᠰᠠᠭᠤᠷᠢ ᠶᠢ ᠪᠠᠬᠢᠵᠢᠬᠦᠯᠬᠦ ᠭᠤᠤᠯ ᠲᠡᠩᠭᠡᠯᠢᠭ ᠢᠶᠠᠨ ᠪᠤᠯᠭᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠳᠤ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠬᠦᠬᠦ ᠪᠠᠷ ᠠᠵᠢᠯ ᠤᠨ ᠭᠤᠤᠯ ᠰᠢᠵᠢᠮ ᠢᠶᠠᠨ ᠪᠤᠯᠭᠠᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ ᠢ ᠪᠠᠷᠢᠮᠳᠠᠯᠠᠵᠦ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠤᠭᠤᠷᠢᠨ ᠳᠤ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠡᠯᠳᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠡᠬᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠬᠡᠷᠡᠭᠳᠡᠢ ᠭᠡᠵᠦ ᠳᠤᠷᠠᠳᠴᠤ ᠭᠠᠷᠭᠠᠵᠠᠢ᠃       ᠭᠤᠷᠪᠠᠠ ᠰᠠᠷ᠎ᠠ ᠶᠢᠨ ᠪᠡᠭᠡᠵᠢᠩ ᠬᠤᠲᠠ ᠬᠠᠪᠤᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠷᠠᠳ ᠤᠨ ᠶᠡᠭᠡ ᠬᠤᠷᠠᠯ ᠤᠨ ᠲᠠᠩᠭᠢᠮ ᠤᠨ ᠲᠦᠮᠡᠡ ᠬᠦᠮᠦᠨ ᠤ ᠲᠤᠮᠤ ᠶᠤᠰᠤᠯᠠᠯ ᠤᠨ ᠲᠠᠩᠭᠢᠮ ᠳᠤ ᠳ᠋ᠧᠩ ᠤᠨ ᠭᠡᠷᠡᠯ ᠲᠤᠸᠠᠯᠠᠵᠦ᠂ ᠠᠭᠤᠷ ᠠᠮᠢᠰᠬᠤᠯ ᠲᠦᠪ ᠬᠢᠴᠢᠶᠡᠩᠭᠦᠢ ᠪᠦᠭᠡᠳ ᠬᠦᠷ ᠬᠦᠭᠵᠢᠶᠡᠨ ᠲᠠᠢ ᠪᠠᠶᠢᠯ᠎ᠠ᠃ ᠲᠤᠮᠲᠠᠲᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠡ ᠤ ᠬᠤᠷᠠᠯ ᠤᠨ ᠰᠦᠯᠲᠠ ᠶᠢ ᠲᠡᠷᠢᠭᠦᠯᠡᠭᠴᠢ ᠶᠢᠨ ᠲᠠᠶᠢᠰᠠ ᠶᠢᠨ ᠭᠤᠤᠯ ᠲᠤᠮᠲᠠ ᠡᠯᠭᠦᠵᠦ᠂ ᠬᠤᠷᠴᠠ ᠤᠯᠠᠭᠠᠠ ᠦᠩᠭᠡ ᠲᠠᠢ ᠠᠷᠪᠠᠠ ᠤᠯᠠᠭᠠᠠ ᠲᠤᠭ ᠢ ᠬᠤᠶᠠᠷ ᠳᠠᠯ᠎ᠠ ᠪᠠᠷ ᠨᠢ ᠵᠢᠭᠰᠠᠭᠠᠵᠠᠢ᠃       ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠠᠷᠪᠠᠠ ᠭᠤᠷᠪᠠᠲᠤᠭᠠᠷ ᠬᠤᠭᠤᠴᠠᠭᠠᠠ ᠤ ᠠᠩᠬᠠᠲᠤᠭᠠᠷ ᠬᠤᠷᠠᠯ ᠳᠤ ᠤᠷᠤᠯᠴᠠᠬᠤ ᠶᠤᠰᠤᠲᠠᠢ ᠬᠡᠰᠢᠬᠦᠨ 2158 ᠬᠦᠮᠦᠨ᠂ ᠪᠤᠲᠠᠲᠠᠢ ᠤᠷᠤᠯᠴᠠᠭᠰᠠᠠ ᠨᠢ 2149 ᠬᠦᠮᠦᠨ ᠪᠠᠶᠢᠵᠤ᠂ ᠲᠤᠭᠲᠠᠭᠰᠠᠠ ᠬᠦᠮᠦᠨ ᠤ ᠲᠤᠭ᠎ᠠ ᠳᠤ ᠨᠡᠶᠢᠴᠡᠨ᠎ᠠ᠃       ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠠᠷᠪᠠᠠ ᠭᠤᠷᠪᠠᠲᠤᠭᠠᠷ ᠬᠤᠭᠤᠴᠠᠭᠠᠠ ᠤ ᠠᠩᠬᠠᠲᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠶᠠᠩ᠂ ᠵᠠᠩ ᠴᠢᠩ ᠯᠢ᠂ ᠯᠢᠤ ᠴᠢ ᠪᠤᠤ᠂ ᠫᠠᠪᠠᠯᠠ · ᠭᠧᠯᠧᠭᠨᠡᠮᠵᠢᠯ᠂ ᠳ᠋ᠦᠩ ᠵᠢᠶᠠᠠ ᠬᠤᠸᠠ᠂ ᠸᠠᠠ ᠭᠠᠩ᠂ ᠡᡁᠧ ᠡᡁᠸᠤ ᠬᠤᠸᠠ᠂ ᠯᠦ ᠵᠠᠠ ᠬᠦᠩ᠂ ᠸᠠᠩ ᠵᠧᠩ ᠸᠧᠢ᠂ ᠮᠠ ᠪᠢᠶᠤᠤ᠂ ᠴᠸᠠ ᠰᠢᠶᠤᠤ ᠭᠤᠸᠠᠩ᠂ ᠯᠢᠶᠠᠩ ᠵᠸᠠ ᠶᠢᠩ ᠲᠠᠷᠢᠭᠦᠯᠡᠭᠴᠢ ᠶᠢᠨ ᠲᠠᠶᠢᠰᠠ ᠶᠢᠨ ᠡᠮᠦᠨ᠎ᠠ ᠮᠦᠷ ᠲᠤ ᠰᠠᠭᠠᠲᠠᠪᠠ᠃       ᠨᠠᠮ ᠪᠠ ᠤᠯᠤᠰ ᠤᠨ ᠤᠲᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠵᠠᠩ ᠭᠤᠤ ᠯᠢ᠂ ᠯᠢ ᠵᠠᠠ ᠱᠦ᠂ ᠸᠠᠩ ᠬᠤ᠋ ᠨᠢᠩ᠂ ᠵᠤᠤ ᠯᠧ ᠵᠢᠢ᠂ ᠬᠠᠠ ᠵᠧᠩ ᠨᠠᠷ ᠲᠠᠷᠢᠭᠦᠯᠡᠭᠴᠢ ᠶᠢᠨ ᠲᠠᠶᠢᠰᠠᠠ ᠳᠤ ᠰᠠᠭᠠᠲᠠᠵᠦ᠂ ᠶᠡᠭᠡ ᠬᠤᠷᠠᠯ ᠬᠤᠷᠠᠯᠲᠤᠭᠰᠠᠠ ᠳᠤ ᠪᠠᠶᠠᠷ ᠬᠦᠷᠭᠡᠪᠡ᠃ ᠦᠲᠡ ᠶᠢᠨ ᠬᠤᠶᠢᠨᠠᠬᠢ 3 ᠴᠠᠭ ᠲᠤ᠂ ᠸᠠᠩ ᠶᠠᠩ ᠶᠡᠭᠡ ᠬᠤᠷᠠᠯ ᠡᠬᠢᠯᠡᠵᠠᠢ ᠭᠡᠵᠦ ᠨᠡᠶᠢᠲᠡᠯᠡᠭᠰᠡᠡ ᠳᠤ ᠤᠯᠠᠠ ᠢᠶᠠᠷ ᠢᠶᠠᠨ ᠪᠤᠰᠴᠤ ᠵᠤᠭᠰᠤᠠ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠤᠯᠤᠰ ᠤᠨ ᠰᠦᠯᠲᠠ ᠲᠠᠭᠤᠤ ᠶᠢ ᠲᠠᠭᠤᠯᠠᠪᠠ᠃       ᠠᠷᠪᠠᠠ ᠬᠤᠶᠠᠲᠤᠭᠠᠷ ᠬᠤᠭᠤᠴᠠᠭᠠᠠ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠲᠡᠷᠢᠭᠦᠯᠡᠭᠴᠢ ᠢᠤᠢ ᠵᠧᠩ ᠱᠧᠩ ᠤᠯᠤᠰ ᠲᠦᠷᠦ ᠶᠢᠨ ᠵᠦᠪᠯᠡᠯᠭᠡᠡ ᠤ ᠠᠷᠪᠠᠠ ᠬᠤᠶᠠᠲᠤᠭᠠᠷ ᠬᠤᠭᠤᠴᠠᠭᠠᠠ ᠤ ᠪᠦᠬᠦ ᠤᠯᠤᠰ ᠤᠨ ᠬᠤᠷᠢᠶᠠᠠ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ᠂ ᠶᠡᠭᠡ ᠬᠤᠷᠠᠯ ᠳᠤ ᠦᠩᠭᠡᠷᠡᠭᠰᠡᠡ ᠲᠠᠪᠤᠠ ᠵᠢᠯ ᠤᠨ ᠠᠵᠢᠯ ᠤᠨ ᠮᠡᠲᠡᠭᠦᠯᠦᠯᠲᠠ ᠬᠢᠵᠠᠢ᠃ ᠲᠡᠷᠡ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢᠬᠢ ᠲᠠᠪᠤᠠ ᠵᠢᠯ ᠪᠤᠯ ᠨᠠᠮ ᠪᠠ ᠤᠯᠤᠰ ᠤᠨ ᠬᠦᠭᠵᠢᠯᠲᠠ ᠶᠢᠨ ᠠᠬᠢᠴᠠ ᠳᠠᠬᠢ ᠲᠦᠢᠯ ᠤᠨ ᠶᠡᠷᠤ ᠪᠤᠰᠤ ᠶᠢᠨ ᠲᠠᠪᠤᠨ ᠵᠢᠯ ᠮᠦᠠ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠢ ᠪᠦᠯᠬᠦᠮᠲᠠᠬᠦᠯᠦᠠ ᠲᠠᠭᠠᠭᠤᠯᠵᠥ᠂ ᠨᠠᠮ ᠪᠠ ᠤᠯᠤᠰ ᠤᠨ ᠦᠢᠯᠡᠰ ᠤᠨ ᠲᠡᠤᠬᠡᠲᠦ ᠴᠢᠨᠠᠷᠲᠠᠢ ᠠᠮᠵᠢᠯᠲᠠ ᠤᠯᠵᠦ ᠲᠡᠤᠭᠡᠲᠦ ᠴᠢᠨᠠᠷᠲᠠᠢ ᠬᠤᠪᠢᠰᠤᠯᠲᠠ ᠡᠬᠦᠰᠬᠦ ᠶᠢ ᠠᠬᠢᠭᠤᠯᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳ᠋ᠤ᠋ ᠤᠷᠤᠯ᠎ᠠ᠃ ᠲᠠᠪᠤᠠ ᠵᠢᠯ ᠤᠨ ᠲᠤᠷᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠠᠷᠠᠳ ᠤᠨ ᠤᠯᠤᠰ ᠲᠦᠷᠦ ᠶᠢᠨ ᠵᠦᠪᠯᠡᠯᠭᠡᠡ ᠤ ᠠᠵᠢᠯ ᠳᠠᠬᠢ ᠪᠦᠬᠦ ᠲᠠᠯ᠎ᠠ ᠶᠢᠨ ᠤᠲᠤᠷᠢᠲᠤᠯᠭ᠎ᠠ ᠪᠠᠨ ᠴᠢᠩᠭᠠᠳᠬᠠᠪᠠ᠃ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠡ ᠶᠠᠷᠢᠶ᠎ᠠ ᠲᠠᠯᠪᠢᠵᠤ᠂ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠨᠤᠳᠡᠯᠡᠯᠳᠡ ᠰᠢᠨ᠎ᠡ ᠱᠠᠭᠠᠷᠳᠠᠯᠭ᠎ᠠ ᠲᠤᠷᠠᠳᠤᠨ ᠭᠠᠷᠭᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠭᠦᠭᠵᠢᠯᠳᠡ ᠶᠢᠨ ᠴᠢᠬᠤᠯᠡ ᠶᠡᠭᠡ ᠤᠨᠤᠯ ᠪᠡ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠭᠦ ᠤᠬᠠᠭᠠᠨᠴᠢ ᠪᠠᠷ ᠬᠠᠷᠢᠭᠤᠯᠵᠡᠢ᠃ ᠤᠯᠤᠰ ᠲᠦᠷᠦ ᠶᠢᠨ ᠵᠦᠪᠯᠡᠯᠭᠡᠨ ᠤ ᠪᠦᠭᠦ ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠠᠴᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠪᠡ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠡ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶᠢᠷᠡᠨ ᠲᠤᠤᠱᠯᠠᠭᠤᠯᠵᠤ᠂ ᠪᠦᠯᠭᠦᠮᠳᠡᠯ ᠪᠡ ᠠᠷᠠᠳᠴᠢᠯᠡᠯ ᠬᠤᠶᠠᠷ ᠶᠡᠭᠡ ᠭᠤᠤᠯ ᠰᠡᠳᠦᠪ ᠢ ᠪᠠᠷᠢᠮᠳᠠᠯᠠᠵᠤ᠂ ᠭᠤᠤᠯᠳᠠᠯᠭ᠎ᠠ ᠶᠢ ᠳᠤᠪᠤᠶᠢᠯᠭᠠᠨ ᠶᠡᠭᠡ ᠲᠠᠯ᠎ᠡ ᠳᠤ ᠦᠢᠯᠡᠴᠢᠯᠡᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ ᠪᠠᠷ ᠬᠠᠮᠳᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠬᠦᠯᠬᠦ ᠭᠤᠤᠯ ᠲᠡᠩᠭᠡᠯᠢᠭ ᠢᠶᠠᠨ ᠪᠤᠯᠭᠠᠵᠤ᠂ ᠵᠦᠪᠯᠡᠯᠭᠡ ᠬᠢᠵᠤ ᠳᠦᠷᠦ ᠶᠢᠨ ᠶᠠᠪᠤᠳᠠᠯ ᠢ ᠵᠦᠪᠯᠡᠭᠦ ᠪᠠᠶᠢᠷᠢᠰᠢᠯ ᠢ ᠲᠡᠭᠦᠯᠳᠡᠷᠵᠢᠭᠦᠯᠵᠤ᠂ ᠠᠷᠠᠳᠴᠢᠯᠡᠯ ᠢᠶᠠᠷ ᠬᠢᠨᠡᠯᠳᠡ ᠲᠠᠯᠪᠢᠬᠤ ᠡᠭᠦᠷᠭᠡ ᠴᠢᠳᠠᠪᠬᠢ ᠪᠠᠨ ᠴᠢᠩᠭᠠᠳᠬᠠᠵᠤ᠂ ᠪᠦᠯᠭᠦᠮᠳᠡᠯ ᠨᠦᠭᠦᠷᠯᠡᠯ ᠤᠨ ᠠᠵᠢᠯ ᠢᠶᠠᠨ ᠦᠷᠭᠡᠳᠭᠡᠵᠤ᠂ ᠡᠭᠦᠷᠭᠡ ᠲᠤᠰᠢᠶᠡᠯ ᠢᠶᠠᠨ ᠭᠦᠢᠴᠡᠳᠭᠡᠭᠦ ᠴᠢᠳᠠᠪᠦᠷᠢ ᠶᠢᠨ ᠪᠠᠶᠢᠭᠤᠯᠤᠯᠳᠡ ᠪᠠᠨ ᠴᠢᠩᠭᠠᠳᠬᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠦᠢᠯᠡᠰ ᠢ ᠵᠠᠯᠭᠠᠮᠵᠢᠯᠠᠬᠤ ᠲᠤᠮᠳᠡ ᠭᠦᠭᠵᠢᠭᠦᠯᠬᠦ᠂ ᠭᠦᠭᠵᠢᠬᠦᠯᠬᠦ ᠲᠤᠮᠳᠠ ᠰᠢᠨ᠎ᠡ ᠶᠢ ᠡᠭᠦᠳᠬᠦ ᠶᠢ ᠠᠬᠢᠭᠤᠯᠵᠥ᠂ ᠪᠦᠯᠭᠦᠮᠳᠡᠯ ᠠᠷᠠᠳᠴᠢᠯᠡᠯ᠂ ᠪᠤᠳᠠᠳᠠᠢ ᠶᠢ ᠡᠷᠬᠢᠮᠯᠡᠨ ᠤᠷᠤᠬᠰᠢᠯᠠᠬᠰᠠᠨ᠂ ᠦᠷᠨᠢᠩᠭᠦᠢ ᠭᠦᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠠᠪᠠᠭᠤᠯᠢᠭ ᠪᠡ ᠤᠨᠴᠠᠯᠢᠭ ᠢ ᠢᠯᠡᠷᠡᠭᠦᠯᠵᠤ᠂ ᠨᠠᠮ ᠪᠡ ᠤᠯᠤᠰ ᠤᠨ ᠦᠢᠯᠡᠰ ᠲᠤ ᠤᠷᠤᠯᠠᠭᠤᠯᠵᠤ ᠪᠤᠯᠤᠰᠢ ᠦᠭᠡᠢ ᠦᠢᠯᠡᠳᠦᠯ ᠢᠶᠠᠨ ᠪᠠᠳᠠᠷᠠᠭᠤᠯᠵᠤ᠂ ᠴᠢᠬᠤᠯᠡ ᠬᠤᠪᠢ ᠨᠠᠮᠠᠷᠢ ᠦᠵᠡᠭᠦᠯᠵᠡᠢ ᠬᠡᠵᠤ ᠵᠢᠭᠠᠵᠤ ᠭᠠᠷᠭᠠᠪᠠ᠃       ᠢᠤᠢ ᠵᠧᠩ ᠱᠧᠩ ᠮᠡᠳᠡᠬᠦᠯᠦᠯᠳᠠ ᠳᠡᠭᠡᠨ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠳᠤ ᠡᠵᠡᠮᠳᠡᠭᠰᠡᠨ ᠂ ᠨᠠᠮ ᠪᠡ ᠤᠯᠤᠰ ᠤᠨ ᠭᠤᠤᠯ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠭᠰᠡᠨ᠂ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠡ ᠶᠢᠨ ᠦᠵᠡᠯ ᠰᠠᠨᠠᠭ᠎ᠠ ᠶᠢ ᠲᠤᠤᠱᠯᠠᠭᠤᠯᠤᠭᠰᠠᠨ᠂ ᠤᠯᠤᠰ ᠲᠦᠷᠦ ᠶᠢᠨ ᠵᠦᠪᠯᠡᠯᠭᠡᠨ ᠤ ᠵᠦᠪᠯᠡᠭᠦ ᠠᠷᠠᠳᠴᠢᠯᠡᠯ ᠤᠨ ᠪᠠᠶᠢᠭᠤᠯᠤᠯᠳᠡ ᠶᠢ ᠠᠬᠢᠭᠤᠯᠤᠭᠰᠠᠨ᠂ ᠠᠷᠠᠳᠴᠢᠯᠡᠯ ᠢᠶᠠᠷ ᠬᠢᠨᠡᠯᠳᠡ ᠲᠠᠯᠪᠢᠬᠤ ᠠᠵᠢᠯ ᠢ ᠴᠢᠩᠭᠠᠳᠬᠠᠨ ᠰᠠᠶᠢᠵᠢᠷᠠᠭᠤᠯᠤᠭᠰᠠᠨ᠂ ᠨᠢᠭᠡᠳᠦᠮᠡᠯ ᠹᠷᠤᠨᠲ ᠤᠨ ᠵᠤᠬᠢᠶᠡᠨ ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ᠂ ᠭᠠᠳᠠᠭᠠᠳᠤ ᠲᠠᠢ ᠨᠦᠭᠦᠷᠰᠡᠭ ᠢᠶᠠᠷ ᠬᠠᠷᠢᠯᠴᠠᠬᠤ ᠶᠢ ᠦᠷᠭᠡᠨ ᠲᠡᠯᠭᠡᠷᠡᠩᠭᠦᠢ ᠦᠷᠨᠢᠭᠦᠯᠦᠭᠰᠡᠨ᠂ ᠲᠤᠰ ᠪᠠᠶ᠎ᠡ ᠶᠢᠨ ᠪᠠᠶᠢᠭᠤᠯᠤᠯᠳᠡ ᠪᠠᠨ ᠶᠡᠭᠡ ᠬᠦᠴᠦᠨ ᠢᠶᠠᠷ ᠴᠢᠩᠭᠠᠳᠬᠠᠬᠰᠠᠨ ᠵᠡᠷᠭᠡ 8 ᠲᠠᠯ᠎ᠡ ᠪᠠᠷ ᠠᠷᠪᠡᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠡᠷᠬᠢᠴᠡᠭᠦᠯᠦᠭᠰᠡᠨ ᠪᠦᠭᠡᠳ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨᠵᠢ ᠴᠢᠨᠠᠷ ᠤᠨ ᠪᠠᠶᠢᠷᠢ ᠲᠤᠭᠳᠠᠭᠠᠯᠳᠡ ᠶᠢ ᠪᠠᠷᠢᠮᠳᠠᠯᠠᠬᠤ ᠵᠡᠷᠭᠡ 6 ᠵᠤᠷᠪᠦᠰ ᠵᠢᠮ᠎ᠡ ᠶᠤᠰᠤᠴᠢ ᠴᠢᠨᠠᠷᠳᠡᠢ ᠲᠠᠨᠢᠯᠳᠡ ᠪᠡ ᠦᠢᠯᠠᠭᠠᠯᠳᠡ ᠪᠠᠨ ᠳ᠋ᠦᠩᠨᠡᠵᠤ᠂ ᠪᠡᠰᠡ ᠬᠤᠶᠢᠰᠢᠳᠡ ᠶᠢᠨ ᠠᠵᠢᠯ ᠳᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠬᠤ ᠵᠡᠷᠭᠡ 5 ᠲᠠᠯ᠎ᠡ ᠶᠢᠨ ᠰᠠᠨᠠᠭᠤᠯᠭ᠎ᠠ ᠲᠤᠷᠠᠳᠤᠭᠰᠠᠨ ᠪᠠᠶᠢᠨ᠎ᠠ᠃       ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠸᠠᠨ ᠭᠠᠩ ᠶᠡᠭᠡ ᠬᠤᠷᠠᠯ ᠳᠤ ᠠᠷᠪᠠᠨ ᠬᠤᠶᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠳᠤᠬᠠᠢ ᠮᠡᠳᠡᠭᠦᠯᠦᠯᠲᠡ ᠬᠢᠪᠡ᠃ ᠲᠡᠷᠡ᠂ ᠠᠷᠪᠠᠨ ᠬᠤᠶᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠬᠤᠭᠤᠴᠠᠭᠠᠨ ᠳᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠤᠯᠤᠰ ᠲᠦᠷᠦ ᠶᠢᠨ ᠵᠦᠪᠯᠡᠯᠭᠡᠨ ᠤ ᠡᠯ᠎ᠡ ᠤᠷᠤᠯᠴᠠᠭᠰᠠᠨ ᠪᠠᠶᠢᠭᠤᠯᠤᠯᠭ᠎ᠠ ᠨᠢᠭᠡᠴᠡ ᠪᠤᠯᠤᠨ ᠡᠯ᠎ᠡ ᠲᠤᠰᠬᠠᠢ ᠵᠦᠪᠯᠡᠯ ᠠᠴᠠ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠂ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠲᠡ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠪᠤᠢ ᠪᠤᠯᠭᠠᠵᠤ ᠦᠢᠯᠡᠳᠦᠯᠭᠡᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ᠂ ᠠᠭᠠᠷ ᠮᠠᠨᠳᠠᠯ ᠤᠰᠤ ᠰᠢᠷᠤᠢ ᠶᠢᠨ ᠪᠤᠬᠢᠷᠳᠤᠯ ᠤᠨ ᠰᠡᠷᠭᠡᠶᠢᠯᠡᠨ ᠵᠠᠰᠠᠯᠲᠠ ᠶᠢ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠢᠶᠠᠷ ᠭᠤᠤᠯᠳᠠᠭᠤᠯᠤᠨ 29378 ᠬᠤᠪᠢ ᠰᠠᠨᠠᠯ ᠳᠤᠷᠠᠳᠤᠯᠭ᠎ᠠ ᠳᠤᠷᠠᠳᠴᠤ᠂ ᠬᠢᠨᠠᠨ ᠪᠠᠶᠢᠴᠠᠭᠠᠯᠲᠠ ᠪᠠᠷ ᠳᠠᠮᠵᠢᠨ 23975 ᠬᠤᠪᠢ ᠶᠢ ᠨᠢ ᠬᠡᠷᠡᠭ ᠪᠤᠯᠭᠠᠨ ᠳᠠᠩᠰᠠᠯᠠᠪᠠ᠃ 2018 ᠤᠨ ᠤ 2 ᠰᠠᠷ᠎ᠠ ᠶᠢᠨ 20 ᠤ ᠡᠳᠦᠷ ᠪᠤᠯᠲᠠᠯ᠎ᠠ᠂ 99% ᠤᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠥ ᠬᠠᠷᠢᠭᠤᠯᠲᠠ ᠦᠭᠴᠠᠢ᠃ ᠤᠯᠠᠩᠬᠢ ᠰᠠᠨᠠᠯ ᠲᠤᠷᠠᠳᠤᠯᠭ᠎ᠠ ᠳᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠦᠯᠢᠶᠡᠨ ᠠᠪᠤᠭᠰᠠᠨ ᠪᠤᠶᠤ ᠶᠠᠭ ᠰᠠᠶᠢᠬᠠᠨ ᠨᠠᠶᠢᠳᠠᠪᠤᠷᠢᠵᠢᠭᠤᠯᠬᠤ ᠶᠠᠪᠤᠴᠠ ᠳᠠᠭᠠᠨ ᠪᠤᠢ ᠭᠡᠵᠥ ᠬᠡᠯᠡᠪᠡ᠃     ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠦᠬᠦᠳ ᠲᠤ ᠪᠠᠰᠠ᠄ ᠳ᠋ᠢᠩ ᠰᠢᠤᠸᠠᠢ ᠰᠢᠶᠠᠩ᠂ ᠮᠠ ᠺᠠᠢ᠂ ᠸᠠᠩ ᠴᠧᠨ᠂ ᠯᠢᠦ ᠶᠠᠨ ᠳ᠋ᠦᠩ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠵᠢᠶᠠᠨ ᠭᠦᠸᠧ᠂ ᠯᠢ ᠬᠤᠩ ᠵᠦᠩ᠂ ᠯᠢ ᠶᠤᠸᠠᠨ ᠴᠤᠤ᠂ ᠶᠠᠩ ᠵᠢᠶᠧ ᡂᠢ᠂ ᠶᠠᠩ ᠰᠢᠶᠤᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠹᠠᠨ ᠴᠠᠩ ᠯᠦᠩ᠂ ᠬᠤ᠋ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠦ ᠴᠢᠤᠸᠠᠨ᠂ ᠸᠠᠩ ᠱᠧᠩ ᠵᠢᠶᠦ᠋ᠨ᠂ ᠴᠧᠨ ᠴᠠᠩ ᡁᠢ᠂ ᠶᠠᠨ ᠵᠢᠶᠦ᠋ᠨ ᠴᠢ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠵᠠᠩ ᠫᠢᠩ᠂ ᠰᠢᠶᠠᠩᠪᠠᠫᠤᠩᠰᠤᠭ᠂ ᠡ᠋ᠶᠢᠯᠢᠭᠧᠩ · ᠢᠮᠢᠩᠪᠠᠭ᠋ᠠᠢ᠂ ᠸᠠᠨ ᠡᠸ᠋ ᠰᠢᠶᠠᠩ᠂ ᠵᠠᠩ ᠪᠤᠤ ᠸᠧᠨ᠂ ᠴᠧᠨ ᠵᠦ᠂ ᠴᠠᠩ ᠸᠠᠨ ᠴᠢᠤᠸᠠᠨ᠂ ᠸᠠᠩ ᠶᠦᠩ᠂ ᠵᠸᠦ ᠴᠢᠶᠠᠩ᠂ ᠼᠤᠤ ᠵᠢᠶᠠᠨ ᠮᠢᠩ᠂ ᠳ᠋ᠦ᠋ ᠴᠢᠩ ᠯᠢᠨ᠂ ᠬᠠᠨ ᠴᠢ ᠳ᠋ᠧ᠂ ᠯᠢᠨ ᠸᠧᠨ ᠢ᠂ ᠯᠦᠸᠧ ᠹᠦ᠋ ᠡᠾᠧ᠂ ᠯᠢ ᠬᠠᠢ ᠹᠧᠩ᠂ ᠴᠧᠨ ᠶᠤᠸᠠᠨ᠂ ᠵᠸᠦ ᠰᠢᠶᠤᠤ ᠴᠤᠸᠠᠨ᠂ ᠸᠠᠩ ᠵᠢᠶᠠ ᠷᠦᠢ᠂ ᠴᠢ ᠰᠢᠥᠢ ᠴᠦᠨ᠂ ᠮᠠ ᠫᠸᠢ ᠬᠤᠸᠠ᠂ ᠯᠢᠦ ᠰᠢᠶᠤᠤ ᠹᠧᠩ᠂ ᠸᠠᠩ ᠴᠢᠨ ᠮᠢᠨ ᠨᠠᠷ ᠪᠤᠢ᠃     ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠠᠯ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠤᠷᠢᠯᠭ᠎ᠠ ᠪᠠᠷ ᠡᠬᠢᠯᠡᠯᠲᠡ ᠶᠢᠨ ᠬᠤᠷᠠᠯ ᠳᠤ ᠰᠤᠯᠠ ᠤᠷᠤᠯᠴᠠᠪᠠ᠃ ᠡᠯ᠎ᠡ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠰᠤᠨᠢᠨ ᠮᠡᠳᠡᠭᠡᠨ ᠤ ᠳᠠᠷᠤᠭ᠎ᠠ ᠪᠤᠯᠤᠨ ᠭᠠᠳᠠᠭᠠᠳᠤ ᠳᠤ ᠰᠠᠭᠤᠭ᠎ᠠ ᠬᠠᠷᠢᠶᠠᠳᠤ ᠵᠡᠷᠬᠡ ᠤᠷᠢᠯᠭ᠎ᠠ ᠪᠠᠷ ᠡᠬᠢᠯᠡᠯᠲᠡ ᠶᠢᠨ ᠬᠤᠷᠠᠯ ᠳᠤ ᠤᠷᠤᠯᠴᠠᠪᠠ᠃          
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号