ᠮᠠᠨ ᠤ ᠠᠶᠢᠮᠠᠭ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠳᠠ ᠶᠢᠨ ᠠᠷᠭ᠎ᠠ ᠳᠤ ᠲᠤᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2018/4/11
    4 ᠰᠠᠷ᠎ᠠ ᠶᠢᠨ 3 ᠤ ᠡᠳᠦᠷ᠂ ᠠᠶᠢᠮᠠᠭ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠠᠮᠢᠶᠠᠷᠤᠯᠳᠠ ᠶᠢᠨ ᠲᠦᠪ ᠰᠢᠯᠢ ᠶᠢᠨ ᠬᠤᠳᠠ ᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ 2017 ᠤᠨ ᠤ ᠮᠠᠨ ᠤ ᠠᠶᠢᠮᠠᠭ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠤᠯᠪᠤᠬᠳᠠᠯ ᠪᠦᠬᠦᠢ ᠠᠵᠢᠯ ᠤᠨ ᠪᠠᠶᠢᠳᠠᠯ ᠢ ᠮᠡᠳᠡᠭᠳᠡᠵᠦ᠂ 2018 ᠤᠨ ᠤ ᠠᠵᠢᠯ ᠤᠨ ᠲᠦᠯᠦᠪᠯᠡᠭᠡ ᠪᠠᠨ ᠲᠠᠨᠢᠯᠴᠠᠭᠤᠯᠵᠠᠢ᠃         ᠤᠢᠢᠯᠠᠭᠠᠭᠰᠠᠨ ᠢᠶᠠᠷ᠂ 2017 ᠤᠨ ᠳᠤ ᠪᠦᠬᠦ ᠠᠶᠢᠮᠠᠭ ᠤᠨ ᠬᠡᠪᠴᠢᠶᠡᠨ ᠳᠤ ᠨᠡᠶᠢᠳᠡ 14.86 ᠳ᠋ᠦᠡᠭᠰᠢᠭᠤᠷ ᠲᠦᠬᠦᠷᠢᠭ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠲᠤᠰᠢᠶᠠᠵᠤ᠂ 10.80 ᠳ᠋ᠦᠡᠭᠰᠢᠭᠤᠷ ᠲᠦᠬᠦᠷᠢᠭ ᠭᠠᠷᠭᠠᠨ ᠠᠪᠴᠠᠢ︔ 2017 ᠤᠨ ᠳᠤ ᠪᠦᠬᠦ ᠠᠶᠢᠮᠠᠭ ᠲᠤ ᠨᠡᠶᠢᠳᠡ 4073 ᠡᠷᠦᠬᠡ ᠳᠤ 13.39 ᠳ᠋ᠦᠡᠭᠰᠢᠭᠤᠷ ᠲᠦᠬᠦᠷᠢᠭ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠵᠢᠬᠡᠯᠡᠯᠬᠡ ᠤᠯᠭᠤᠵᠠᠢ᠃         2018 ᠤᠨ ᠳᠤ ᠮᠠᠨ ᠤ ᠠᠶᠢᠮᠠᠭ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠠᠮᠢᠶᠠᠷᠤᠯᠳᠠ ᠶᠢᠨ ᠠᠷᠭ᠎ᠠ ᠳᠤ ᠬᠡᠰᠡᠭ ᠲᠤᠬᠢᠷᠠᠭᠤᠯᠤᠯᠳᠠ ᠬᠢᠵᠠᠢ᠃ ᠲᠤᠬᠠᠢᠢᠯᠠᠪᠠᠯ᠂ 2018 ᠤᠨ ᠤ 3 ᠰᠠᠷ᠎ᠠ ᠠᠴᠠ ᠡᠬᠢᠯᠡᠨ ︽ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢ ᠭᠠᠷᠭᠠᠨ ᠠᠪᠴᠤ ᠬᠤᠳᠠᠯᠳᠤᠭᠠᠨ ᠤ ᠪᠠᠩᠬᠢ ᠠᠴᠠ ᠵᠢᠬᠡᠯᠡᠭᠰᠡᠨ ᠤᠷᠤᠨ ᠰᠠᠭᠤᠴᠠ ᠶᠢᠨ ᠵᠠᠰᠠᠨ ᠴᠢᠮᠡᠭᠯᠡᠬᠦ ᠵᠢᠬᠡᠯᠡᠯᠬᠡ ᠶᠢᠨ ᠡᠬᠡ ᠪᠡᠯᠡ ᠬᠦᠦ ᠮᠦᠡᠭᠬᠦ ᠶᠢ ᠪᠤᠴᠠᠭᠠᠵᠤ ᠪᠤᠯᠬᠤ︾ ᠶᠢ ᠬᠡᠷᠡᠭᠵᠢᠬᠦᠯᠵᠠᠢ᠃ ᠬᠤᠳᠠᠯᠳᠤᠭᠠᠨ ᠤ ᠪᠠᠩᠬᠢ ᠠᠴᠠ ᠵᠢᠬᠡᠯᠡᠭᠰᠡᠨ ᠦᠪᠡᠷᠳᠡᠭᠡᠡ ᠰᠠᠭᠤᠬᠤ ᠤᠷᠤᠨ ᠰᠠᠭᠤᠴᠠ ᠪᠠᠨ ᠵᠠᠰᠠᠨ ᠴᠢᠮᠡᠭᠯᠡᠬᠦ ᠵᠢᠬᠡᠯᠡᠯᠬᠡ ᠶᠢ ᠭᠡᠪ ᠤᠨ ᠶᠤᠰᠤᠭᠠᠷ ᠨᠢᠬᠡ ᠵᠢᠯ ᠪᠤᠴᠠᠭᠠᠭᠰᠠᠨ ᠤ ᠳᠠᠷᠠᠭ᠎ᠠ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢ ᠲᠤᠰᠢᠶᠠᠵᠤ ᠪᠠᠶᠢᠭ᠎ᠠ ᠬᠦᠮᠦᠨ ᠵᠢᠯ ᠪᠤᠯᠭᠠᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢ ᠭᠠᠷᠭᠠᠨ ᠠᠪᠬᠤ ᠪᠠᠷ ᠡᠷᠡᠮᠡᠯᠵᠡᠯᠡᠵᠦ᠂ ᠲᠤᠰ ᠬᠦᠮᠦᠨ ᠪᠤᠶᠤ ᠰᠢᠭᠤᠳ ᠴᠢᠰᠤᠨ ᠲᠦᠷᠦᠯ ᠤᠨ ᠬᠠᠷᠢᠴᠠᠭ᠎ᠠ ᠲᠠᠢ ᠬᠡᠷ ᠤᠨ ᠬᠦᠮᠦᠨ ᠤ ᠲᠤᠰ ᠵᠢᠯ ᠤᠨ ᠪᠤᠶᠤ ᠦᠡᠭᠬᠡᠷᠡᠭᠰᠡᠨ ᠵᠢᠯ ᠤᠨ ᠨᠢᠬᠡᠨᠳᠡ ᠪᠤᠴᠠᠭᠠᠭᠰᠠᠨ ᠤᠷᠤᠨ ᠰᠠᠭᠤᠴᠠ ᠶᠢᠨ ᠵᠠᠰᠠᠠ ᠴᠢᠮᠡᠭᠯᠡᠬᠦ ᠵᠢᠬᠡᠯᠡᠯᠬᠡ ᠶᠢᠨ ᠡᠬᠡ ᠪᠡᠯᠡ ᠬᠦᠦ ᠮᠦᠡᠭᠬᠦ ᠶᠢ ᠪᠤᠴᠠᠭᠠᠬᠤ ᠳᠤ ᠬᠡᠷᠡᠭᠯᠡᠵᠦ ᠪᠤᠯᠤᠨ᠎ᠠ᠃         2018 ᠤᠨ ᠠᠴᠠ ᠡᠬᠢᠯᠡᠵᠦ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠵᠢᠬᠡᠯᠡᠯᠬᠡ ᠶᠢ ᠡᠷᠡᠮᠡᠯᠵᠡᠯᠡᠬᠦ ᠳᠤ ᠬᠤᠪᠢ ᠬᠦᠮᠦᠨ ᠰᠢᠭᠤᠳ ᠠᠷᠠᠳ ᠤᠨ ᠪᠠᠩᠬᠢ ᠳᠤ ᠬᠦᠷᠴᠦ ᠬᠤᠪᠢ ᠬᠦᠮᠦᠨ ᠤ ᠢᠳᠡᠬᠡᠮᠵᠢ ᠶᠢᠨ ᠪᠠᠶᠢᠳᠠᠯ ᠢᠶᠠᠨ ᠠᠰᠠᠭᠤᠨ ᠯᠠᠪᠯᠠᠵᠤ᠂ ᠮᠡᠳᠡᠬᠦᠯᠦᠯᠳᠡ ᠶᠢ ᠲᠠᠷᠤᠮᠠᠯᠯᠠᠵᠤ ᠪᠤᠯᠤᠨ᠎ᠠ᠃ ᠰᠢᠯᠢ ᠶᠢᠨ ᠬᠤᠳᠠ ᠶᠢᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠠᠮᠢᠶᠠᠷᠤᠯᠳᠠ ᠶᠢᠨ ᠲᠦᠪ ᠤᠨ ᠬᠢᠨ ᠲᠤᠰᠬᠠᠢ ᠠᠵᠢᠯᠳᠠᠨ ᠲᠤᠮᠢᠯᠠᠵᠤ᠂ ᠰᠢᠯᠢ ᠶᠢᠨ ᠬᠤᠳᠠ ᠳᠠᠬᠢ ᠠᠷᠠᠳ ᠤᠨ ᠪᠠᠩᠬᠢ ᠶᠢᠨ ᠬᠦᠢᠴᠡᠳᠬᠡᠬᠦ ᠲᠦᠪ ᠲᠤ ᠬᠤᠪᠢ ᠬᠦᠮᠦᠨ ᠤ ᠢᠳᠡᠬᠡᠮᠵᠢ ᠶᠢᠨ ᠮᠡᠳᠡᠬᠦᠯᠦᠯᠳᠡ ᠶᠢ ᠲᠠᠷᠤᠮᠠᠯᠯᠠᠨ ᠭᠠᠷᠭᠠᠵᠤ᠂ ᠲᠤᠬᠠᠢ ᠶᠢᠨ ᠲᠠᠯᠠᠪᠤᠷ ᠲᠤᠨᠢ ᠲᠤᠳᠤᠷᠬᠠᠢᠢᠯᠠᠵᠤ ᠦᠭᠬᠦ ᠪᠤᠯᠤᠨ᠎ᠠ︔ ᠬᠤᠰᠢᠭᠤ ᠱᠠᠳᠤᠨ ᠤ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠠᠮᠢᠶᠠᠷᠤᠯᠳᠠ ᠶᠢᠨ ᠲᠦᠪ ᠤᠨ ᠬᠢᠨ ᠲᠤᠰᠬᠠᠢ ᠠᠵᠢᠯᠳᠠᠨ ᠲᠤᠮᠢᠯᠠᠵᠤ ᠲᠤᠬᠠᠢ ᠶᠢᠨ ᠬᠦᠮᠦᠨ ᠲᠠᠢ ᠬᠠᠮᠳᠤ ᠲᠤᠬᠠᠢ ᠶᠢᠨ ᠭᠠᠵᠠᠷ ᠤᠨ ᠠᠷᠠᠳ ᠤᠨ ᠪᠠᠩᠬᠢ ᠳᠤ ᠤᠴᠢᠵᠤ᠂ ᠬᠤᠪᠢ ᠬᠦᠮᠦᠨ ᠤ ᠢᠳᠡᠬᠡᠮᠵᠢ ᠶᠢᠨ ᠮᠡᠳᠡᠬᠦᠯᠦᠯᠳᠡ ᠶᠢ ᠲᠠᠷᠤᠮᠠᠯᠯᠠᠨ ᠭᠠᠷᠭᠠᠵᠤ ᠲᠤᠬᠠᠢ ᠶᠢᠨ ᠲᠠᠯᠠᠪᠤᠷ ᠲᠤᠨᠢ ᠲᠤᠳᠤᠷᠬᠠᠢᠢᠯᠠᠵᠤ ᠦᠭᠬᠦ ᠪᠤᠯᠤᠨ᠎ᠠ᠃         2018 ᠤᠨ ᠤ 4 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠠᠶᠢᠮᠠᠭ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠠᠮᠢᠶᠠᠷᠤᠯᠳᠠ ᠶᠢᠨ ᠰᠢᠨ᠎ᠡ ᠰᠢᠰᠲᠧᠮ ᠵᠢᠩᠬᠢᠨᠢ ᠪᠠᠷ ᠠᠰᠢᠭᠯᠠᠯᠳᠠ ᠳᠤ ᠤᠷᠤᠵᠤ ᠡᠬᠢᠯᠡᠵᠠᠢ᠃ ᠡᠨᠡᠬᠦ ᠲᠠᠪᠴᠠᠩ ᠠᠰᠢᠭᠯᠠᠯᠳᠠ ᠳᠤ ᠤᠷᠤᠭᠰᠠᠨ ᠢᠶᠠᠷ ᠨᠢᠭᠡ ᠳᠤ᠂ ᠪᠦᠬᠦ ᠠᠶᠢᠮᠠᠭ ᠤᠨ ᠬᠡᠪᠴᠢᠶᠡᠨ ᠳᠤ ᠬᠤᠰᠢᠭᠤ ᠰᠢᠶᠠᠨ ᠬᠤᠳᠠ ᠤᠷᠤᠨ ᠠᠯᠤᠰᠯᠠᠵᠤ ᠲᠤᠬᠠᠢᠢᠯᠠᠭᠰᠠᠠ ᠠᠵᠢᠯ ᠢ ᠬᠦᠢᠴᠡᠳᠬᠡᠬᠦ ᠶᠢ ᠪᠡᠶᠡᠯᠡᠬᠦᠯᠵᠠᠢ᠃ ᠲᠤᠬᠠᠢᠢᠯᠠᠪᠠᠯ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠲᠤᠰᠢᠶᠠᠭᠰᠠᠤᠨ ᠡᠷᠢᠶᠡᠨ ᠬᠤᠳᠠ ᠠᠴᠠ ᠪᠤᠰᠤᠳ ᠮᠠᠨ ᠤ ᠠᠶᠢᠮᠠᠭ ᠤᠨ ᠶᠠᠮᠠᠷᠪᠠ ᠬᠤᠰᠢᠭᠤ ᠰᠢᠶᠠᠨ ᠬᠤᠳᠠ ᠤᠷᠤᠨ ᠤ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠬᠠᠮᠢᠶᠠᠷᠤᠯᠳᠠ ᠶᠢᠨ ᠲᠦᠪ ᠪᠠ ᠪᠠᠩᠬᠢ ᠶᠢᠨ ᠤᠷᠤᠯᠠᠠ ᠭᠢᠭᠦ ᠡᠵᠡᠩᠨᠡᠯᠳᠡ ᠶᠢᠨ ᠴᠡᠭ ᠲᠤ ᠬᠦᠷᠴᠦ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢ ᠭᠠᠷᠭᠠᠨ ᠠᠪᠬᠤ ᠪᠤᠶᠤ ᠵᠢᠬᠡᠯᠡᠯᠬᠡ ᠶᠢᠨ ᠭᠠᠷ ᠬᠦᠢᠴᠡᠳᠬᠡᠯ ᠢ ᠬᠢᠵᠦ ᠪᠤᠯᠤᠨ᠎ᠠ︔ ᠬᠤᠶᠠᠷ ᠲᠤ᠂ ᠭᠠᠷ ᠬᠦᠢᠴᠡᠳᠬᠡᠯ ᠬᠢᠬᠦ ᠶᠠᠪᠤᠴᠠ ᠶᠢ ᠲᠦᠬᠦᠮᠴᠢᠯᠡᠵᠦ᠂ ᠪᠦᠬᠦ᠋ᠢᠯᠡ ᠶᠠᠪᠤᠴᠠ ᠶᠢ ᠰᠦᠯᠵᠢᠶᠡᠨ ᠲᠡᠬᠡᠷ᠎ᠡ ᠬᠢᠨᠠᠵᠤ ᠵᠦᠪᠰᠢᠶᠡᠷᠡᠬᠦ ᠶᠢ ᠪᠡᠶᠡᠯᠡᠬᠦᠯᠵᠠᠢ︔ ᠭᠤᠷᠪᠠ ᠳᠤ᠂ ᠬᠡᠷᠡᠴᠢᠯᠡᠬᠦ ᠮᠠᠲ᠋ᠧᠷᠢᠶᠠᠯ ᠬᠠᠨᠭ᠍ᠭᠠᠬᠤ ᠶᠢ ᠲᠦᠬᠦᠮᠴᠢᠯᠡᠵᠦ᠂ ᠤᠤᠯ ᠤᠨ ᠡᠯ᠎ᠡ ᠲᠦᠷᠦᠯ ᠤᠨ ᠬᠠᠭᠤᠯᠪᠤᠷᠢ ᠪᠢᠴᠢᠭ ᠬᠠᠨᠭ᠍ᠭᠠᠬᠤ ᠶᠠᠪᠤᠴᠠ ᠶᠢ ᠲᠦᠬᠦᠮᠴᠢᠯᠡᠵᠦ᠂ ᠴᠦᠮ ᠡᠯᠧᠺᠳ᠋ᠷᠤᠨ ᠲᠠᠩᠰᠠ ᠡᠪᠬᠡᠮᠡᠯ ᠤᠨ ᠬᠡᠯᠪᠡᠷᠢ ᠲᠠᠢ ᠪᠤᠯᠭᠠᠵᠠᠢ︔ ᠲᠦᠷᠪᠡ ᠳᠤ᠂ ᠪᠡᠯᠡ ᠮᠦᠡᠭᠬᠦᠨ ᠤ ᠲᠠᠩᠰᠠᠨ ᠳᠤ ᠤᠷᠤᠬᠤ ᠴᠠᠭ ᠢ ᠤᠬᠤᠷ ᠪᠤᠯᠭᠠᠵᠤ᠂ ᠪᠡᠯᠡ ᠮᠦᠡᠭᠬᠦᠨ ᠤ ᠠᠮᠤᠷ ᠲᠦᠪᠰᠢᠨ ᠬᠠᠮᠢᠶᠠᠷᠤᠯᠳᠠ ᠶᠢ ᠪᠠᠳᠤᠯᠠᠵᠠᠢ᠃ ᠲᠤᠬᠠᠢᠢᠯᠠᠪᠠᠯ᠂ ᠤᠤᠯ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢᠨ ᠵᠢᠬᠡᠯᠡᠯᠬᠡ ᠶᠢᠨ ᠪᠠᠭᠤᠵᠤ ᠢᠷᠡᠬᠦ ᠬᠤᠭᠤᠴᠠᠭ᠎ᠠ ᠨᠢ 2 — 3 ᠡᠳᠦᠷ ᠤᠨ ᠬᠤᠭᠤᠴᠠᠭ᠎ᠠ ᠪᠠᠶᠢᠭᠰᠠᠨ ᠢ ᠠᠷᠪᠠᠨ ᠬᠡᠳᠦᠬᠡᠨ ᠮᠢᠨᠦ᠋ᠲ ᠪᠤᠯᠭᠠᠵᠤ ᠲᠦᠬᠦᠮᠴᠢᠯᠡᠵᠠᠢ︔ ᠲᠠᠪᠤ ᠳᠤ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦᠨ ᠤ ᠡᠳ᠋ ᠤᠨ ᠵᠠᠰᠠᠭ ᠤᠨ ᠲᠤᠭᠠᠴᠠᠭ᠎ᠠ ᠶᠢ ᠡᠳᠦᠷ ᠪᠦᠷᠢ ᠶᠠᠪᠤᠭᠳᠠᠭᠤᠯᠬᠤ ᠶᠢ ᠪᠡᠶᠡᠯᠡᠬᠦᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号