ᠰᠦᠢᠳᠭᠡᠯ ᠬᠤᠷᠢᠶᠠᠬᠤ ᠦᠭᠡᠢ wifi ᠭᠡᠷᠡᠭᠯᠡᠭᠦ ᠳᠤᠬᠠᠢ ᠰᠠᠨᠠᠭᠤᠯᠤᠮᠵᠢ
ᠨᠡᠶᠢᠲᠡᠯᠡᠭᠰᠡᠨ ᠴᠠᠭ᠄
2018/4/12
    ᠠᠷᠠᠯᠵᠢᠶ᠎ᠠ ᠬᠤᠳᠠᠯᠳᠤᠭ᠎ᠠ ᠡᠷᠭᠢᠯᠡᠭᠴᠢᠳ ᠪᠤᠷᠤᠯᠠᠭᠤᠯᠭ᠎ᠠ ᠪᠠᠨ ᠨᠡᠮᠡᠭᠳᠡᠭᠦᠯᠭᠦ ᠶᠢᠨ ᠳᠤᠰᠠᠳᠠ ᠳᠡᠯᠭᠡᠭᠦᠷ ᠲᠡᠭᠡᠨ wifi ᠤᠬᠰᠠᠷᠠᠬᠰᠠᠨ ᠠᠴᠠ ᠦᠰᠦ ᠵᠠᠰᠠᠬᠤ ᠭᠠᠵᠠᠷ ᠠᠴᠠ ᠡᠭᠢᠯᠡᠭᠡᠳ ᠬᠤᠭᠤᠯᠠᠨ ᠭᠡᠷ᠂ ᠠᠷᠠᠯᠵᠢᠶ᠎ᠠ ᠬᠤᠳᠠᠯᠳᠤᠭᠠᠨ ᠤ ᠭᠠᠵᠠᠷ ᠤᠨ ᠠᠯᠢ ᠨᠢᠭᠡᠨ ᠳᠤᠨᠢ ᠭᠦᠷᠦᠭᠰᠡᠨ ᠴᠤ wifi᠎ ᠶᠢ ᠴᠢᠯᠦᠭᠡᠳᠠᠢ ᠭᠡᠷᠡᠭᠯᠡᠵᠤ ᠪᠤᠯᠳᠠᠭ᠃ ᠢᠡᠭᠭᠢᠵᠤ ᠤᠯᠠᠨ ᠨᠡᠶᠢᠳᠡ ᠶᠢᠨ wifi᠎ ᠶᠢ ᠭᠡᠷᠡᠭᠯᠡᠭᠦ ᠨᠢ ᠵᠠᠷᠤᠳᠠᠯ ᠳᠤ ᠠᠷᠪᠢᠳᠠᠢ ᠪᠤᠯᠪᠠᠴᠤ ᠰᠦᠯᠵᠢᠶᠡᠨ ᠤ ᠪᠠᠩᠭᠢ ᠪᠠᠨ ᠬᠤᠯᠠᠭᠠᠢᠢᠯᠠᠬᠳᠠᠬᠤ ᠵᠡᠷᠭᠡ ᠲᠦᠭᠰᠢᠭᠦᠷᠢ ᠴᠤ ᠶᠡᠭᠡ ᠪᠠᠶᠢᠳᠠᠭ᠃ ᠳᠡᠶᠢᠮᠤ ᠠᠴᠠ ᠤᠯᠠᠨ ᠨᠡᠶᠢᠳᠡ ᠶᠢᠨ ᠭᠠᠵᠠᠷ wifi ᠭᠡᠷᠡᠭᠯᠡᠭᠦ ᠳᠡᠭᠡᠨ ᠳᠤᠤᠷᠠᠭᠢ ᠭᠡᠳᠤᠨ ᠳᠠᠯ᠎ᠠ ᠶᠢ ᠠᠩᠬᠠᠷᠤᠯ ᠳᠠᠭᠠᠨ ᠠᠪᠤᠪᠠᠯ ᠵᠤᠭᠢᠨ᠎ᠠ᠃         ᠨᠢᠭᠡ᠂ ᠤᠯᠠᠨ ᠨᠡᠶᠢᠳᠡ ᠶᠢᠨ ᠭᠠᠵᠠᠷ wifi ᠭᠡᠷᠡᠭᠯᠡᠭᠦ ᠳᠡᠭᠡᠨ ᠪᠤᠯᠭᠤᠮᠵᠢᠳᠠᠢ ᠪᠠᠶᠢᠵᠤ᠂ ᠠᠯᠪᠠᠨ ᠤ ᠳᠠᠯ᠎ᠠ ᠶᠢᠨ ᠬᠠᠨᠭ᠍ᠭᠠᠬᠰᠠᠨ ᠪᠦᠭᠡᠳ ᠪᠠᠶᠢᠴᠠᠭᠠᠨ ᠭᠡᠷᠡᠴᠢᠯᠡᠭᠦ ᠳᠤᠬᠳᠠᠴᠠ ᠲᠠᠢ wifi᠎ ᠶᠢ ᠠᠰᠠᠭᠤᠵᠤ ᠮᠠᠭᠠᠳᠯᠠᠭᠤᠯᠤᠬᠰᠠᠨ ᠤ ᠳᠠᠷᠠᠭ᠎ᠠ ᠭᠡᠷᠡᠭᠯᠡᠨ᠎ᠡ᠃ ᠰᠢᠭᠤᠳ ᠵᠠᠯᠭᠠᠵᠤ ᠪᠤᠯᠬᠤ ᠪᠦᠭᠡᠳ ᠪᠠᠶᠢᠴᠠᠭᠠᠨ ᠭᠡᠷᠡᠴᠢᠯᠡᠭᠦ ᠭᠠᠷᠳᠠᠮ ᠦᠭᠡᠢ ᠪᠤᠶᠤ ᠨᠢᠭᠤᠴᠠ ᠨᠤᠮᠧᠷ ᠦᠭᠡᠢ ᠤᠯᠠᠨ ᠨᠡᠶᠢᠳᠡ ᠶᠢᠨ wifi᠎ ᠶᠢ ᠪᠤᠯᠬᠤ ᠶᠢᠨ ᠳᠤᠳᠤᠷ᠎ᠠ ᠭᠡᠷᠡᠭᠯᠡᠭᠦ ᠦᠭᠡᠢ ᠪᠤᠯ ᠵᠤᠭᠢᠨ᠎ᠠ᠃     ᠬᠤᠶᠠᠷ᠂ ᠤᠯᠠᠨ ᠨᠡᠶᠢᠳᠡ ᠶᠢᠨ wifi᠎ ᠶᠢ ᠭᠡᠷᠡᠭᠯᠡᠭᠦ ᠳᠡᠭᠡᠨ ᠴᠢᠳᠠᠬᠤ ᠶᠢᠨ ᠳᠤᠳᠤᠷ᠎ᠠ ᠰᠦᠯᠵᠢᠶᠡᠨ ᠤ ᠪᠠᠩᠭᠢ ᠶᠢ ᠭᠡᠷᠡᠭᠯᠡᠭᠦ ᠦᠭᠡᠢ᠂ ᠬᠤᠪᠢ ᠭᠦᠮᠦᠨ ᠤ ᠮᠡᠳᠡᠭᠡ ᠵᠠᠩᠭᠢ ᠪᠠᠨ ᠵᠠᠳᠠᠷᠠᠭᠤᠯᠬᠤ ᠦᠭᠡᠢ ᠪᠠᠶᠢᠵᠤ᠂ ᠬᠠᠷ᠎ᠠ ᠪᠠᠩᠭᠢ ᠶᠢᠨ ᠳᠠᠩᠰᠠ ᠰᠢᠯᠵᠢᠭᠦᠯᠭᠦ ᠶᠢ ᠰᠡᠷᠭᠡᠶᠢᠯᠡᠨ᠎ᠠ᠃         ᠭᠤᠷᠪᠠ᠂ wifi ᠭᠡᠷᠡᠭᠯᠡᠭᠦ ᠰᠠᠶᠢᠨ ᠳᠠᠳᠬᠠᠯ ᠲᠠᠢ ᠪᠤᠯᠬᠤ ᠭᠡᠷᠡᠭᠳᠠᠢ᠃ ᠭᠠᠷ ᠤᠳᠠᠰᠤ ᠨᠢ ᠭᠡᠷᠡᠭᠯᠡᠵᠤ ᠦᠡᠭᠭᠡᠷᠡᠭᠰᠡᠨ wifi᠎ ᠤᠨ ᠳᠤᠯᠭᠢᠶᠠᠨ ᠢ ᠭᠦᠯᠢᠶᠠᠨ ᠠᠪᠬᠤ ᠴᠡᠭᠡᠵᠢᠯᠡᠭᠦ ᠴᠢᠳᠠᠪᠤᠷᠢ ᠲᠠᠢ ᠪᠠᠶᠢᠳᠠᠭ᠃ wifi᠎ ᠶᠢᠨ ᠳᠤᠯᠭᠢᠶᠠᠨ ᠢ ᠭᠦᠯᠢᠶᠡᠨ ᠠᠪᠬᠤ ᠨᠡᠭᠡᠭᠡᠯᠭᠡᠢ ᠨᠢ ᠨᠡᠭᠡᠭᠡᠯᠳᠡ ᠲᠠᠢ ᠦᠶᠡᠰ ᠭᠠᠷ ᠤᠳᠠᠰᠤ ᠨᠢ ᠡᠷᠭᠢᠨ ᠳᠤᠭᠤᠷᠢᠨ ᠤ ᠳᠤᠯᠭᠢᠶᠠᠨ ᠳᠤ ᠳᠠᠰᠤᠷᠠᠯᠳᠠ ᠦᠭᠡᠢ ᠬᠠᠶᠢᠳᠠᠯ ᠭᠢᠵᠤ᠂ ᠠᠳᠠᠯᠢ ᠳᠤᠯᠭᠢᠶᠠᠨ ᠳᠠᠭᠠᠷᠠᠯᠳᠤᠪᠠᠯ ᠠᠶᠠᠨᠳᠠᠭᠠᠨ ᠵᠠᠯᠭᠠᠬᠳᠠᠬᠤ ᠳᠤᠯᠠ ᠬᠠᠤᠯᠢ ᠪᠤᠰᠤ ᠡᠳᠡᠭᠡᠳ ᠡᠭᠦᠨ ᠢ ᠠᠰᠢᠬᠯᠠᠨ ᠭᠠᠷ ᠤᠳᠠᠰᠤᠨ ᠳᠤᠳᠤᠷᠠᠭᠢ ᠴᠢᠮᠡᠭᠡ ᠵᠠᠩᠭᠢ ᠶᠢ ᠬᠤᠯᠠᠭᠠᠢᠢᠯᠠᠬᠤ ᠪᠤᠶᠤ ᠤᠪ ᠮᠡᠭᠡ ᠭᠠᠷᠭᠠᠬᠤ ᠠᠶᠤᠯᠳᠠᠢ᠃ ᠳᠡᠶᠢᠮᠤ ᠠᠴᠠ ᠤᠯᠠᠨ ᠨᠡᠶᠢᠳᠡ ᠶᠢᠨ ᠳᠠᠯᠠᠪᠤᠷ ᠲᠤ wifi ᠵᠠᠯᠭᠠᠬᠤ ᠨᠡᠭᠡᠭᠡᠯᠭᠡᠢ ᠶᠢ ᠵᠠᠯᠭᠠᠬᠤ ᠦᠭᠡᠢ ᠪᠤᠯ ᠰᠠᠶᠢᠨ᠃         ᠲᠦᠷᠪᠡ᠂ ᠭᠡᠷ ᠳᠤᠳᠤᠷᠠᠭᠢ ᠰᠦᠯᠵᠢᠶᠡᠨ ᠤ ᠵᠠᠯᠭᠠᠭᠤᠷ ᠤᠨ ᠬᠠᠮᠢᠶᠠᠷᠤᠯᠳᠠ ᠶᠢᠨ ᠠᠷᠤ ᠬᠠᠮᠢᠶᠠᠷᠤᠯᠳᠠ ᠶᠢᠨ ᠳᠠᠩᠰᠠᠨ ᠡᠷᠤᠭᠡ᠂ ᠨᠢᠭᠤᠴᠠ ᠨᠤᠮᠧᠷ ᠲᠤ ᠠᠶᠠᠨᠳᠠᠭᠠᠨ ᠮᠡᠳᠡᠷᠡᠭᠦ ad — min ᠭᠡᠷᠡᠭᠯᠡᠭᠦ ᠠᠴᠠ ᠭᠢᠴᠢᠶᠡᠵᠤ᠂ ᠨᠢᠭᠤᠴᠠ ᠨᠤᠮᠧᠷ ᠢᠶᠠᠨ ᠬᠠᠷᠢᠴᠠᠩᠭᠤᠢ ᠪᠤᠳᠤᠯᠢᠶᠠᠨᠳᠠᠢ ᠰᠤᠩᠭᠤᠪᠠᠯ ᠨᠢᠭᠤᠴᠠ ᠳᠠᠶᠢᠯᠬᠤ ᠭᠦᠴᠢᠷᠳᠡᠯ ᠢ ᠨᠡᠮᠡᠭᠳᠡᠭᠦᠯᠵᠤ ᠴᠢᠳᠠᠨ᠎ᠠ᠃     ᠳᠠᠪᠤ᠂ ᠭᠠᠷ ᠤᠳᠠᠰᠤ᠂ ᠺᠤᠮᠫᠢᠦ᠋ᠲ᠋ᠧᠷ ᠲᠡᠭᠡᠨ ᠠᠶᠤᠯᠭᠦᠢ ᠵᠦᠭᠡᠯᠡᠨ ᠳᠤᠨᠤᠭ ᠤᠭᠰᠠᠷᠠᠬᠤ ᠭᠡᠷᠡᠭᠳᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠠ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号