ᠰᠢᠯᠢ ᠶᠢᠨ ᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠪᠥᠬᠦ ᠤᠯᠤᠰ ᠤᠨ ᠡᠮᠡᠭᠲᠡᠶᠢᠴᠤᠳ ᠬᠡᠥᠭᠡᠳ ᠤᠨ ᠡᠷᠭᠡ ᠠᠰᠢᠭ ᠢ ᠬᠠᠮᠠᠭᠠᠯᠠᠭᠰᠠᠨ ᠲᠡᠷᠢᠬᠦᠨ ᠤ ᠨᠢᠭᠡᠴᠡ ᠪᠠᠷ ᠰᠤᠩᠭᠤᠭᠲᠠᠪᠠ
ᠨᠡᠶᠢᠲᠡᠯᠡᠭᠰᠡᠨ ᠴᠠᠭ᠄
2018/4/17
    ᠤᠢᠢᠷ ᠎ᠠ ᠳᠤ᠂ 2017 ᠤᠨ ᠤ ᠪᠦᠬᠦ ᠤᠯᠤᠰ᠂ ᠪᠦᠬᠦ ᠤᠷᠤᠨ ᠤ ᠡᠮᠡᠭᠳᠠᠶᠢᠴᠤᠳ ᠬᠡᠤᠭᠡᠳ ᠤᠨ ᠡᠷᠭᠡ ᠠᠰᠢᠭ ᠢ ᠬᠠᠮᠠᠭᠠᠯᠠᠭᠰᠠᠨ ᠲᠡᠷᠢᠬᠦᠨ ᠤ ᠨᠢᠭᠡᠴᠡ ᠪᠠ ᠬᠤᠪᠢ ᠬᠦᠮᠦᠨ ᠳᠤ ᠱᠠᠩᠨᠠᠯ ᠤᠯᠭᠤᠬᠤ ᠶᠤᠰᠤᠯᠠᠯ ᠰᠢᠯᠢ ᠶᠢᠨ ᠬᠤᠳᠠ ᠳᠤ ᠶᠠᠪᠤᠭᠳᠠᠵᠦ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︽2017 ᠤᠨ ᠤ ᠪᠦᠬᠦ ᠤᠯᠤᠰ ᠤᠨ ᠡᠮᠡᠭᠳᠠᠶᠢᠴᠤᠳ ᠬᠡᠤᠭᠡᠳ ᠤᠨ ᠡᠷᠭᠡ ᠠᠰᠢᠭ ᠢ ᠬᠠᠮᠠᠭᠠᠯᠠᠭᠰᠠᠨ ᠲᠡᠷᠢᠬᠦᠨ ᠤ ᠨᠢᠭᠡᠴᠡ︾᠎ ᠪᠠᠷ ᠰᠤᠩᠭᠤᠭᠳᠠᠭᠰᠠᠨ ᠪᠠᠶᠢᠨ᠎ᠠ᠃         ᠤᠶᠢᠷ᠎ᠠ ᠶᠢᠨ ᠵᠢᠯ ᠠᠴᠠ ᠨᠠᠰᠢ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠡᠮᠡᠭᠳᠠᠶᠢᠴᠤᠳ ᠬᠡᠤᠭᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠭᠤᠤᠯᠳᠠᠯᠭ᠎ᠠ ᠪᠤᠯᠭᠠᠨ ᠠᠳᠬᠤᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠬᠦᠷᠭᠡ ᠴᠢᠳᠠᠪᠭᠢ ᠪᠠᠨ ᠬᠦᠢᠴᠡᠳ ᠪᠠᠳᠠᠷᠠᠭᠤᠯᠤᠨ᠂ ᠬᠠᠮᠢᠶ᠎ᠠ ᠪᠦᠬᠦᠢ ᠬᠠᠤᠯᠢ ᠲᠦᠷᠢᠮ ᠢ ᠤᠬᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠶᠠᠩᠬᠠᠯᠠᠬᠤ ᠪᠠ ᠶᠠᠩᠬᠠᠨ ᠳᠤ ᠤᠷᠤᠬᠤ᠂ ᠡᠮᠡᠭᠳᠠᠶᠢᠴᠤᠳ ᠬᠡᠤᠭᠡᠳ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠨᠡᠩ ᠴᠦ 2013 ᠤᠨ ᠳᠤ ︽ᠰᠢᠯᠢ ᠶᠢᠨ ᠬᠤᠳᠠ ᠶᠢᠨ ᠡᠮᠡᠭᠳᠠᠶᠢᠴᠤᠳ ᠤᠨ ᠬᠦᠭᠵᠢᠯᠳᠡ ᠶᠢᠨ ᠲᠦᠯᠦᠪᠯᠡᠭᠡ ︵2011 — 2020 ᠤᠨ︶︾ ᠬᠢᠭᠡᠳ ︽ᠰᠢᠯᠢ ᠶᠢᠨ ᠬᠤᠳᠠ ᠶᠢᠨ ᠪᠠᠭᠠᠴᠤᠳ ᠬᠡᠤᠭᠡᠳ ᠤᠨ ᠬᠦᠭᠵᠢᠯᠳᠡ ᠶᠢᠨ ᠲᠦᠯᠦᠪᠯᠡᠭᠡ ︵2011 — 2020 ᠤᠨ︶︾᠎ ᠶᠢ ᠲᠤᠤᠱᠯᠠᠭᠤᠯᠤᠨ ᠬᠡᠷᠡᠭᠵᠢᠭᠦᠯᠦᠭᠰᠡᠨ ᠠᠴᠠ ᠨᠠᠰᠢ ᠪᠦᠬᠦ ᠲᠠᠯ᠎ᠠ ᠪᠠᠷ᠂ ᠤᠯᠠᠨ ᠵᠤᠭᠰᠤᠴᠠ ᠠᠴᠠ ᠡᠮᠡᠭᠳᠠᠶᠢᠴᠤᠳ ᠬᠡᠤᠭᠡᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠲᠦᠯᠬᠢᠨ ᠠᠭᠢᠭᠤᠯᠵᠦ ᠮᠡᠳᠡᠭᠳᠡᠭᠦ᠋ᠢᠴᠡ ᠰᠠᠶᠢᠨ ᠦᠷ᠎ᠡ ᠪᠦᠳᠤᠮᠵᠢ ᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号