ᠤᠢᠢᠷ ᠠ ᠳᠤ᠂ 2017 ᠤᠨ ᠤ ᠪᠦᠬᠦ ᠤᠯᠤᠰ᠂ ᠪᠦᠬᠦ ᠤᠷᠤᠨ ᠤ ᠡᠮᠡᠭᠳᠠᠶᠢᠴᠤᠳ ᠬᠡᠤᠭᠡᠳ ᠤᠨ ᠡᠷᠭᠡ | ᠠᠰᠢᠭ ᠢ ᠬᠠᠮᠠᠭᠠᠯᠠᠭᠰᠠᠨ ᠲᠡᠷᠢᠬᠦᠨ ᠤ ᠨᠢᠭᠡᠴᠡ ᠪᠠ ᠬᠤᠪᠢ ᠬᠦᠮᠦᠨ ᠳᠤ ᠱᠠᠩᠨᠠᠯ ᠤᠯᠭᠤᠬᠤ ᠶᠤᠰᠤᠯᠠᠯ ᠰᠢᠯᠢ ᠶᠢᠨ | ᠬᠤᠳᠠ ᠳᠤ ᠶᠠᠪᠤᠭᠳᠠᠵᠦ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︽2017 ᠤᠨ ᠤ | ᠪᠦᠬᠦ ᠤᠯᠤᠰ ᠤᠨ ᠡᠮᠡᠭᠳᠠᠶᠢᠴᠤᠳ ᠬᠡᠤᠭᠡᠳ ᠤᠨ ᠡᠷᠭᠡ ᠠᠰᠢᠭ ᠢ ᠬᠠᠮᠠᠭᠠᠯᠠᠭᠰᠠᠨ ᠲᠡᠷᠢᠬᠦᠨ ᠤ ᠨᠢᠭᠡᠴᠡ︾ ᠪᠠᠷ | ᠰᠤᠩᠭᠤᠭᠳᠠᠭᠰᠠᠨ ᠪᠠᠶᠢᠨ᠎ᠠ᠃ | ᠤᠶᠢᠷ᠎ᠠ ᠶᠢᠨ ᠵᠢᠯ ᠠᠴᠠ ᠨᠠᠰᠢ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ | ᠡᠮᠡᠭᠳᠠᠶᠢᠴᠤᠳ ᠬᠡᠤᠭᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠭᠤᠤᠯᠳᠠᠯᠭ᠎ᠠ ᠪᠤᠯᠭᠠᠨ | ᠠᠳᠬᠤᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠬᠦᠷᠭᠡ ᠴᠢᠳᠠᠪᠭᠢ ᠪᠠᠨ ᠬᠦᠢᠴᠡᠳ ᠪᠠᠳᠠᠷᠠᠭᠤᠯᠤᠨ᠂ | ᠬᠠᠮᠢᠶ᠎ᠠ ᠪᠦᠬᠦᠢ ᠬᠠᠤᠯᠢ ᠲᠦᠷᠢᠮ ᠢ ᠤᠬᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠶᠠᠩᠬᠠᠯᠠᠬᠤ ᠪᠠ ᠶᠠᠩᠬᠠᠨ ᠳᠤ | ᠤᠷᠤᠬᠤ᠂ ᠡᠮᠡᠭᠳᠠᠶᠢᠴᠤᠳ ᠬᠡᠤᠭᠡᠳ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠬᠠᠤᠯᠢ ᠵᠦᠷᠢᠴᠡᠭᠰᠡᠨ | ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠨᠡᠩ ᠴᠦ 2013 ᠤᠨ ᠳᠤ ︽ | ᠰᠢᠯᠢ ᠶᠢᠨ ᠬᠤᠳᠠ ᠶᠢᠨ ᠡᠮᠡᠭᠳᠠᠶᠢᠴᠤᠳ ᠤᠨ ᠬᠦᠭᠵᠢᠯᠳᠡ ᠶᠢᠨ ᠲᠦᠯᠦᠪᠯᠡᠭᠡ ︵2011 — 2020 ᠤᠨ︶︾ | ᠬᠢᠭᠡᠳ ︽ᠰᠢᠯᠢ ᠶᠢᠨ ᠬᠤᠳᠠ ᠶᠢᠨ ᠪᠠᠭᠠᠴᠤᠳ ᠬᠡᠤᠭᠡᠳ ᠤᠨ ᠬᠦᠭᠵᠢᠯᠳᠡ ᠶᠢᠨ ᠲᠦᠯᠦᠪᠯᠡᠭᠡ ︵2011 — | 2020 ᠤᠨ︶︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠠᠴᠠ ᠨᠠᠰᠢ ᠪᠦᠬᠦ ᠲᠠᠯ᠎ᠠ ᠪᠠᠷ᠂ ᠤᠯᠠᠨ | ᠵᠤᠭᠰᠤᠴᠠ ᠠᠴᠠ ᠡᠮᠡᠭᠳᠠᠶᠢᠴᠤᠳ ᠬᠡᠤᠭᠡᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠲᠦᠯᠬᠢᠨ ᠠᠭᠢᠭᠤᠯᠵᠦ | ᠮᠡᠳᠡᠭᠳᠡᠭᠦ᠋ᠢᠴᠡ ᠰᠠᠶᠢᠨ ᠦᠷ᠎ᠡ ᠪᠦᠳᠤᠮᠵᠢ ᠤᠯᠤᠭᠰᠠᠨ ᠪᠠᠶᠢᠨ᠎ᠠ᠃ |