ᠪᠠᠢ ᠢᠤᠢ ᠭᠠᠩ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠳᠡᠬᠦᠰ ᠠᠮᠵᠢᠯᠳᠠ ᠶᠢ ᠤᠯᠬᠤ ᠭᠡᠷᠡᠭᠲᠡᠢ
ᠨᠡᠶᠢᠲᠡᠯᠡᠭᠰᠡᠨ ᠴᠠᠭ᠄
2018/4/18
    4 ᠰᠠᠷ᠎ᠠ ᠶᠢᠨ 8 ᠤ ᠡᠳᠤᠷ ᠠᠴᠠ 10 ᠤ ᠡᠳᠦᠷ ᠪᠤᠯᠳᠠᠯ᠎ᠡ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠪᠠᠢ ᠢᠤᠢ ᠭᠠᠩ ᠮᠠᠨ ᠤ ᠠᠶᠢᠮᠠᠭ ᠲᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ︽ᠭᠤᠷᠪᠠ ᠶᠢ ᠯᠠᠪᠳᠠᠭᠤᠨ ᠪᠠᠳᠤᠳᠠᠢ ᠠᠬᠢᠭᠤᠯᠬᠤ︾ ᠴᠢᠬᠤᠯᠡ ᠱᠠᠭᠠᠷᠳᠠᠯᠭ᠎ᠠ ᠶᠢᠨ ᠶᠤᠰᠤᠭᠠᠷ᠂ ᠶᠠᠳᠠᠭᠤ ᠠᠴᠠ ᠠᠨᠬᠢᠵᠢᠷᠠᠭᠤᠯᠬᠤ ᠪᠤᠭᠤᠮᠳᠠ ᠰᠢᠪᠲᠤᠯᠬᠤ ᠶᠢ ᠯᠠᠪᠳᠠᠭᠤᠨ ᠢᠶᠠᠷ ᠠᠬᠢᠭᠤᠯᠵᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠵᠦ ᠠᠬᠤᠢ ᠶᠢᠨ ᠴᠢᠨᠠᠷ ᠰᠠᠶᠢᠲᠠᠢ ᠭᠦᠭᠵᠢᠯᠲᠠ ᠶᠢ ᠠᠬᠢᠭᠤᠯᠬᠤ ᠭᠡᠷᠡᠭᠲᠡᠢ ᠭᠡᠪᠡ᠃         ᠪᠠᠢ ᠢᠤᠢ ᠭᠠᠩ ᠤᠷᠢᠳ ᠬᠤᠵᠢᠳ ᠰᠢᠯᠤᠭᠤᠨ ᠬᠦᠪᠡᠭᠡᠳᠦ ᠴᠠᠭᠠᠨ ᠬᠤᠰᠢᠭᠤ᠂ ᠰᠢᠯᠤᠭᠤᠨ ᠬᠦᠬᠡ ᠬᠤᠰᠢᠭᠤᠨ ᠤ ᠤᠯᠠᠭᠠᠨᠮᠥ᠋ᠴᠢᠷ ᠪᠠ ᠲᠠᠶᠢᠹᠦᠰᠧ ᠬᠤᠰᠢᠭᠤᠨ ᠤ ᠱᠠᠨ ᠰᠢ ᠵᠦᠴᠦᠬᠡ ᠶᠢᠨ ᠪᠦᠯᠬᠦᠮ ᠢᠶᠠᠷ ᠬᠦᠨᠵᠡᠭᠡᠶᠢᠷᠡᠨ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠪᠦᠯᠬᠦᠮ ᠤᠨ ᠪᠠᠶᠢᠭᠤᠯᠤᠯᠲᠠ ᠶᠢᠨ ᠪᠠᠶᠢᠳᠠᠯ ᠢ ᠤᠢᠢᠯᠠᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠠᠷ ᠬᠦᠳᠡᠯᠭᠡᠭᠴᠢ ᠬᠦᠴᠦᠨ ᠪᠤᠯᠭᠠᠵᠦ᠂ ᠲᠠᠯ᠎ᠠ ᠨᠤᠲᠤᠭ ᠤᠨ ᠰᠢᠮᠡᠯᠢᠭ ᠬᠦᠷᠦᠰᠦᠨ ᠳᠤ ᠦᠨᠳᠦᠰᠦᠯᠡᠵᠦ᠂ ᠠᠷᠠᠳ ᠳᠦᠮᠡᠨ ᠳᠤ ᠦᠢᠯᠡᠴᠢᠯᠡᠵᠦ᠂ ᠠᠷᠠᠳ ᠲᠦᠮᠡᠨ ᠤ ᠤᠶᠤᠨ ᠰᠠᠨᠠᠭᠠᠨ ᠤ ᠬᠦᠷᠳᠡᠭᠡᠮᠵᠢ ᠶᠢ ᠪᠠᠶᠠᠯᠢᠬᠵᠢᠭᠤᠯᠬᠤ ᠭᠡᠷᠡᠭᠲᠡᠢ᠃ ᠰᠢᠯᠤᠭᠤᠨ ᠬᠦᠪᠡᠭᠡᠳᠦ ᠴᠠᠭᠠᠨ ᠬᠤᠰᠢᠭᠤ᠂ ᠲᠠᠶᠢᠹᠦᠰᠧ ᠬᠤᠰᠢᠭᠤ᠂ ᠰᠢᠯᠤᠭᠤᠨ ᠬᠦᠬᠡ ᠬᠤᠰᠢᠭᠤᠨ ᠤ ᠮᠠᠯᠴᠢᠨ ᠲᠠᠷᠢᠶᠠᠴᠢᠨ ᠡᠷᠦᠬᠡ ᠪᠠᠷ ᠬᠦᠨᠵᠡᠭᠡᠶᠢᠷᠡᠵᠦ ᠪᠠᠶᠢᠳᠠᠯ ᠤᠢᠢᠯᠠᠭᠠᠬᠤ ᠳᠠᠭᠠᠨ᠂ ᠮᠠᠯ ᠲᠠᠷᠢᠶᠠᠯᠠᠩ ᠦᠢᠯᠡᠰ ᠤᠨ ᠲᠠᠭᠠᠳᠬᠠᠯ ᠢ ᠬᠦᠭᠵᠢᠬᠦᠯᠵᠦ᠂ ᠮᠠᠯ ᠲᠠᠷᠢᠶᠠᠯᠠᠩ ᠤᠨ ᠠᠵᠦ ᠦᠢᠯᠡᠰ ᠤᠨ ᠬᠡᠯᠬᠢᠶᠡᠵᠢᠯ ᠢ ᠤᠷᠳᠤᠳᠬᠠᠵᠦ᠂ ᠪᠦᠲᠦᠭᠡᠭᠳᠡᠬᠦᠨ ᠤ ᠨᠡᠮᠡᠯᠳᠡ ᠦᠷᠳᠡᠭ ᠢ ᠨᠡᠮᠡᠭᠳᠡᠭᠦᠯᠵᠦ᠂ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠢ ᠲᠡᠭᠡᠭᠰᠢᠯᠡᠬᠦᠯᠬᠦ ᠬᠡᠷᠡᠭᠲᠡᠢ ᠬᠡᠪᠡ᠃ ᠲᠠᠶᠢᠹᠦᠰᠧ ᠬᠤᠰᠢᠭᠤᠨ ᠤ ᠪᠤᠤᠴᠠᠩ ᠤᠨ ᠲᠦᠷᠪᠡᠳᠦᠭᠡᠷ ᠪᠠᠭ᠎ᠠ ᠰᠤᠷᠭᠠᠭᠤᠯᠢ᠂ ᠨᠢᠬᠡᠳᠦᠬᠡᠷ ᠬᠡᠥᠬᠡᠳ ᠤᠨ ᠴᠡᠴᠡᠷᠯᠢᠭ ᠢᠶᠠᠷ ᠪᠠᠶᠢᠴᠠᠭᠠᠨ ᠰᠤᠳᠤᠯᠬᠤ ᠳᠠᠭᠠᠨ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠬᠦᠮᠦᠵᠢᠬᠦᠯᠦᠨ ᠦᠢᠯᠡᠳᠦᠯᠬᠡᠵᠢᠬᠦᠯᠵᠦ᠂ ᠦᠨᠳᠦᠰᠦᠳᠡᠨ ᠤ ᠰᠤᠶᠤᠯ ᠠᠴᠠ ᠰᠢᠮ᠎ᠡ ᠬᠦᠷᠳᠡᠵᠦ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠭᠡᠷᠡᠭᠲᠡᠢ ᠭᠡᠪᠡ᠃         ᠪᠠᠢ ᠢᠤᠢ ᠭᠠᠩ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠲᠦᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠶᠤᠰᠤᠭᠠᠷ᠂ ᠡᠯ᠎ᠠ ᠵᠦᠢᠯ ᠤᠨ ᠭᠤᠤᠯᠳᠠᠯᠭᠠᠲᠤ ᠠᠵᠢᠯ ᠢ ᠨᠢᠬᠡᠳᠦᠯᠲᠠᠢ ᠲᠦᠯᠦᠪᠵᠢᠬᠦᠯᠦᠨ ᠠᠬᠢᠭᠤᠯᠵᠦ᠂ ᠶᠡᠷᠦᠩᠬᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯ ᠤᠨ ᠥᠪᠥᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠦᠨᠡᠨᠬᠦ ᠨᠠᠶᠢᠳᠠᠪᠤᠷᠢᠵᠢᠭᠤᠯᠵᠦ᠂ ᠭᠠᠵᠠᠷ ᠤᠷᠤᠨ ᠤ ᠠᠵᠦ ᠠᠬᠤᠢ ᠨᠡᠶᠢᠬᠡᠮ ᠤᠨ ᠦᠷᠬᠦᠯᠵᠢᠯᠡᠭᠰᠡᠨ ᠡᠷᠡᠭᠦᠯ ᠬᠦᠭᠵᠢᠯᠲᠠ ᠶᠢ ᠠᠬᠢᠭᠤᠯᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号