4 ᠰᠠᠷ᠎ᠠ ᠶᠢᠨ 10 ᠤ ᠡᠳᠦᠷ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠴᠡᠭ ᠲᠤᠭᠳᠠᠨ | ᠬᠠᠪᠰᠤᠷᠤᠨ ᠳᠡᠳᠬᠦᠬᠦ ᠠᠵᠢᠯ ᠢ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠵᠦ᠂ 2017 ᠤᠨ ᠤ | ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠴᠡᠭ ᠲᠤᠭᠳᠠᠨ ᠬᠠᠪᠰᠤᠷᠤᠨ ᠳᠡᠳᠬᠦᠬᠦ ᠠᠵᠢᠯ ᠢ ᠬᠢᠨᠠᠨ | ᠰᠢᠯᠭᠠᠭᠰᠠᠨ ᠪᠠᠶᠢᠳᠠᠯ ᠢ ᠮᠡᠳᠡᠭᠳᠡᠵᠦ᠂ ᠴᠡᠭ ᠲᠤᠭᠳᠠᠨ ᠬᠠᠪᠰᠤᠷᠤᠨ ᠳᠡᠳᠬᠦᠬᠦ ᠠᠵᠢᠯ ᠤᠨ ᠨᠡᠶᠢᠳᠡᠯᠢᠭ ᠵᠢᠱᠢᠶ᠎ᠡ ᠶᠢᠨ | ᠲᠤᠷᠰᠢᠯᠭ᠎ᠠ ᠰᠤᠷᠭᠠᠮᠵᠢ ᠶᠢ ᠳ᠋ᠦᠩᠨᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠪᠤᠤ ᠭᠦᠸᠧ ᠴᠢᠤᠸᠠᠨ ᠬᠤᠷᠠᠯ ᠳᠤ ᠤᠷᠤᠯᠴᠠᠵᠦ᠂ ᠠᠶᠢᠮᠠᠭ ᠤᠨ ᠳᠡᠳ᠋ ᠳᠠᠷᠤᠭ᠎ᠠ ᠾᠸᠦ ᡁᠢ ᠮᠢᠨ ᠬᠤᠷᠠᠯ ᠢ | ᠡᠷᠬᠢᠯᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠴᠡᠭ ᠲᠤᠭᠳᠠᠨ ᠬᠠᠪᠰᠤᠷᠤᠨ ᠳᠡᠳᠬᠦᠬᠦ ᠠᠵᠢᠯ ᠤᠨ ᠡᠬᠦᠷᠭᠡ | ᠬᠠᠷᠢᠭᠤᠴᠠᠯᠭ᠎ᠠ ᠪᠠᠨ ᠴᠢᠩᠭᠠᠳᠬᠠᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠵᠦ ᠨᠡᠭᠡᠭᠡᠨ | ᠭᠦᠭᠵᠢᠬᠦᠯᠬᠦ ᠴᠢᠬᠤᠯᠡ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠠ ᠥᠪᠥᠷ ᠮᠤᠩᠭᠤᠯ ᠤᠨ | ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠡ ᠶᠠᠷᠢᠶᠠᠨ ᠤ ᠵᠤᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠲᠦᠷᠪᠡᠨ ᠤᠬᠠᠮᠰᠠᠷ︾ ᠢ ᠪᠠᠲᠤ ᠪᠤᠢ ᠪᠤᠯᠭᠠᠵᠦ᠂ ︽ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ︾ ᠱᠠᠭᠠᠷᠳᠠᠯᠭ᠎ᠠ | ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠤ ᠪᠠᠶᠢᠷᠢᠯᠠᠭᠤᠯᠤᠯᠲᠠ ᠶᠢᠨ ᠶᠤᠰᠤᠭᠠᠷ᠂ ᠨᠡᠩ | ᠪᠦᠲᠦᠮᠵᠢᠲᠠᠢ ᠠᠷᠭ᠎ᠠ ᠬᠡᠮᠵᠢᠶ᠎ᠠ ᠠᠪᠴᠦ᠂ ᠶᠠᠳᠠᠭᠤ ᠶᠢ ᠳᠡᠳᠬᠦᠵᠦ ᠨᠡᠭᠡᠭᠡᠨ ᠬᠦᠭᠵᠢᠬᠦᠯᠬᠦ ᠦᠷ᠎ᠡ ᠪᠦᠲᠦᠮᠵᠢ ᠶᠢ | ᠪᠠᠲᠤᠯᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠲᠡᠭᠦᠰ ᠠᠮᠵᠢᠯᠲᠠ ᠶᠢ | ᠤᠯᠬᠤ ᠭᠡᠷᠡᠭᠲᠡᠢ ᠭᠡᠪᠡ᠃ | 2017 ᠤᠨ ᠳᠤ᠂ ᠡᠯ᠎ᠠ ᠬᠠᠪᠰᠤᠷᠤᠨ ᠳᠡᠳᠬᠦᠬᠦ ᠪᠠᠶᠢᠭᠤᠯᠭ᠎ᠠ ᠨᠢᠭᠡᠴᠡ ᠨᠡᠶᠢᠳᠡ 516 ᠬᠦᠮᠦᠨ ᠤᠳᠠᠭ᠎ᠠ | ᠪᠠᠶᠢᠴᠠᠭᠠᠨ ᠰᠤᠳᠤᠯᠤᠯᠲᠠ ᠬᠢᠵᠦ᠂ 502.59 ᠲᠦᠮᠡᠨ ᠲᠦᠭᠦᠷᠢᠭ ᠵᠠᠷᠤᠴᠠᠭᠤᠯᠵᠦ᠂ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠭᠡᠬᠦ᠂ ᠭᠠᠴᠠᠭ᠎ᠠ ᠲᠤᠰᠬᠤᠨ ᠤ ᠤᠯᠠᠨ ᠨᠡᠶᠢᠳᠡ ᠶᠢᠨ ᠲᠦᠬᠦᠭᠡᠷᠦᠮᠵᠢ ᠶᠢᠨ ᠪᠠᠶᠢᠭᠤᠯᠤᠯᠲᠠ᠂ | ᠦᠢᠯᠡᠳᠪᠦᠷᠢᠯᠡᠯ ᠢ ᠬᠦᠭᠵᠢᠬᠦᠯᠬᠦ ᠵᠡᠷᠭᠡ ᠲᠠᠯ᠎ᠠ ᠪᠠᠷ ᠲᠤᠪᠤᠶᠢᠮ᠎ᠠ ᠠᠮᠵᠢᠯᠲᠠ ᠤᠯᠵᠠᠢ᠃ |