ᠯᠦᠸᠧ ᠬᠤ᠋ ᠽᠠᠢ ᠰᠢᠯᠢ ᠶᠢᠨ ᠬᠤᠲᠠ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠡ ᠬᠢᠬᠦ ᠳᠡᠭᠡᠨ ᠴᠢᠬᠤᠯᠠᠴᠢᠯᠠᠭᠰᠠᠨ ᠨᠢ ᠠᠵᠦ ᠦᠢᠯᠡᠰ ᠢ ᠬᠦᠭᠵᠢᠬᠦᠯᠬᠦ ᠪᠠᠷ ᠵᠠᠩᠬᠢᠯᠠᠭ᠎ᠠ ᠪᠤᠯᠭᠠᠵᠦ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2018/4/18
    4 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠢ ᠶᠢᠨ ᠬᠤᠲᠠ ᠳᠤ ᠬᠦᠨᠵᠡᠭᠡᠶᠢᠷᠡᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠦᠭᠰᠡᠨ ᠪᠠᠶᠢᠳᠠᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠬᠤ ᠪᠠᠷ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠰᠠᠶᠢᠲᠤᠷ ᠠᠬᠢᠭᠤᠯᠬᠤ ᠶᠡᠷᠦᠩᠬᠡᠢ ᠭᠠᠷᠳᠠᠴᠠ ᠪᠤᠯᠭᠠᠵᠦ᠂ ᠤᠨᠴᠠᠯᠢᠭᠲᠤ ᠠᠵᠦ ᠦᠢᠯᠡᠰ ᠢ ᠬᠦᠭᠵᠢᠬᠦᠯᠦᠨ᠂ ᠠᠵᠦ ᠦᠢᠯᠡᠰ ᠤᠨ ᠰᠠᠭᠤᠷᠢ ᠶᠢ ᠪᠠᠬᠢᠵᠢᠬᠦᠯᠵᠦ᠂ ᠮᠠᠯ ᠲᠠᠷᠢᠶᠠᠯᠠᠩ ᠦᠢᠯᠡᠰ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠲᠠ ᠶᠢ ᠪᠡᠶᠡᠯᠡᠬᠦᠯᠵᠦ᠂ ᠠᠷᠠᠳ ᠲᠦᠮᠡᠨ ᠳᠤ ᠦᠬᠡᠷᠡᠴᠢᠯᠡᠯᠲᠡ ᠬᠦᠭᠵᠢᠯᠲᠠ ᠶᠢᠨ ᠦᠷ᠎ᠡ ᠪᠦᠲᠦᠮᠵᠢ ᠶᠢ ᠡᠳ᠋ᠯᠡᠬᠦᠯᠬᠦ ᠬᠡᠷᠡᠭᠲᠡᠢ ᠬᠡᠵᠦ ᠴᠢᠬᠤᠯᠠᠴᠢᠯᠠᠪᠠ᠃         ᠯᠦᠸᠧ ᠬᠤ᠋ ᠽᠠᠢ ᠵᠢᠭᠠᠬᠤ ᠳᠠᠭᠠᠨ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠠᠵᠦ ᠦᠢᠯᠡᠰ ᠤᠨ ᠬᠦᠭᠵᠢᠯᠲᠠ ᠪᠠᠷ ᠲᠤᠯᠭᠠᠭᠤᠷᠢᠯᠠᠭᠤᠯᠵᠦ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢᠨ ᠱᠠᠭᠠᠷᠳᠠᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ᠮᠠᠯ ᠠᠵᠦ ᠠᠬᠤᠢ ᠶᠢᠨ ᠲᠤᠯᠤᠭᠠᠢᠢᠯᠠᠭᠴᠢ ᠠᠵᠦ ᠠᠬᠤᠢᠢᠯᠠᠯ ᠤᠨ ᠲᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠦ᠂ ᠤᠳᠤ ᠦᠶ᠎ᠡ ᠶᠢᠨ ᠮᠠᠯ ᠠᠵᠦ ᠠᠬᠤᠢ ᠶᠢ ᠭᠦᠭᠵᠢᠬᠦᠯᠵᠦ᠂ ᠬᠦᠳᠡᠭᠡ ᠳᠤᠰᠬᠤᠨ ᠤ ᠲᠤᠳᠤᠭᠠᠲᠤ ᠬᠦᠳᠡᠯᠬᠡᠬᠦ ᠬᠦᠴᠦᠨ ᠢ ᠬᠦᠭᠵᠢᠬᠡᠬᠦ ᠬᠡᠷᠡᠭᠲᠡᠢ᠃ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠵᠦ᠂ ᠬᠠᠤᠯᠢ ᠬᠡᠷᠡᠭᠵᠢᠬᠦᠯᠬᠦ ᠬᠢᠨᠠᠯᠲᠠ ᠬᠠᠮᠢᠶᠠᠷᠤᠯᠳᠠ ᠶᠢ ᠴᠢᠩᠭ᠎ᠠ ᠬᠡᠷᠡᠭᠵᠢᠬᠦᠯᠵᠦ᠂ ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠡᠬᠦ ᠲᠦᠷᠢᠮ ᠢ ᠨᠠᠶᠢᠳᠠᠪᠤᠷᠢᠵᠢᠭᠤᠯᠵᠦ᠂ ᠨᠤᠲᠤᠭ ᠪᠡᠯᠴᠢᠬᠡᠷ ᠤᠨ ᠠᠮᠢ ᠠᠬᠤᠢ ᠶᠢ ᠰᠠᠶᠢᠵᠢᠷᠠᠭᠤᠯᠵᠦ᠂ ᠮᠠᠯ ᠲᠠᠷᠢᠶᠠᠯᠠᠩ ᠠᠵᠦ ᠦᠢᠯᠡᠰ ᠤᠨ ᠬᠦᠭᠵᠢᠯᠲᠠ ᠳᠤ ᠰᠠᠭᠤᠷᠢ ᠲᠠᠯᠪᠢᠬᠤ ᠭᠡᠷᠡᠭᠲᠡᠢ ᠬᠡᠪᠡ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠮᠠᠯᠵᠢᠬᠤ ᠲᠠᠷᠢᠶᠠᠯᠠᠬᠤ ᠤᠷᠤᠨ ᠤ ᠠᠵᠦ ᠠᠬᠤᠢ ᠶᠢᠨ ᠪᠦᠳᠤᠬᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠬᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠨᠢᠬᠡᠳᠦᠯᠲᠡᠢ ᠲᠦᠯᠦᠪᠵᠢᠬᠦᠯᠦᠨ ᠠᠬᠢᠭᠤᠯᠵᠦ᠂ ᠮᠠᠯ ᠲᠠᠷᠢᠶᠠᠯᠠᠩ ᠦᠢᠯᠡᠰ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠲᠠ ᠶᠢ ᠪᠡᠶᠡᠯᠡᠬᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠢ ᠤᠯᠠᠮ ᠰᠠᠶᠢᠵᠢᠷᠠᠭᠤᠯᠬᠤ ᠭᠡᠷᠡᠭᠲᠡᠢ ᠭᠡᠪᠡ᠃         ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠰᠡᠴᠡᠨᠪᠢᠯᠢᠭ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ ᠵᠢᠴᠢ ᠰᠢᠯᠢ ᠶᠢᠨ ᠬᠤᠲᠠ ᠶᠢᠨ ᠤᠳᠤᠷᠢᠳᠤᠯᠭ᠎ᠠ ᠪᠠᠶᠢᠴᠠᠭᠠᠨ ᠰᠤᠳᠤᠯᠬᠤ ᠳᠤ ᠪᠠᠷ᠎ᠠ ᠪᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号