ᠮᠠᠨ ᠤ ᠠᠶᠢᠮᠠᠭ ᠬᠤᠲᠠ ᠭᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠳᠤᠯᠠᠭᠠᠳᠤ ᠡᠷᠦᠬᠡ ︽ᠲᠠᠪᠤᠨ ᠪᠠᠳᠤᠯᠠᠭᠠᠲᠤ︾ ᠡᠷᠦᠭᠡ ᠶᠢᠨ ᠨᠦᠬᠦᠪᠦᠷᠢ ᠮᠥᠩᠬᠦ ᠶᠢᠨ ᠪᠡᠷᠢᠮᠵᠢᠶ᠎ᠡ ᠶᠢ ᠲᠡᠭᠡᠭᠰᠢᠯᠡᠬᠦᠯᠪᠡ
ᠨᠡᠶᠢᠲᠡᠯᠡᠭᠰᠡᠨ ᠴᠠᠭ᠄
2018-04-18
    ᠡᠨᠡ ᠵᠢᠯ᠂ ᠮᠠᠨ ᠤ ᠠᠶᠢᠮᠠᠭ ᠶᠠᠳᠠᠭᠤ ᠬᠦᠴᠢᠷᠳᠡᠯᠲᠡᠢ ᠬᠦᠮᠦᠰ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠤᠨᠤᠪᠴᠢᠲᠠᠢ ᠭᠡᠷᠡᠭᠵᠢᠬᠦᠯᠬᠦ ᠠᠵᠢᠯ ᠢ ᠴᠢᠩᠭᠠᠳᠬᠠᠵᠦ᠂ ᠬᠤᠲᠠ ᠭᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠭᠡ᠂ ᠬᠤᠲᠠ ᠭᠦᠳᠡᠭᠡ ᠶᠢᠨ ︽ᠭᠤᠷᠪᠠᠨ ᠦᠬᠡᠢ︾ ᠬᠦᠮᠦᠰ᠂ ᠮᠠᠯᠵᠢᠬᠤ ᠲᠠᠷᠢᠶᠠᠯᠠᠬᠤ ᠤᠷᠤᠨ ᠤ ︽ᠲᠠᠪᠤᠨ ᠪᠠᠲᠤᠯᠠᠭᠠᠲᠤ︾ ᠡᠷᠦᠭᠡ ᠪᠠ ᠤᠨᠴᠠ ᠲᠤᠭᠳᠠᠭᠠᠭᠰᠠᠨ ᠠᠮᠢᠳᠤᠷᠠᠯ ᠬᠦᠴᠢᠷᠳᠡᠯᠲᠠᠢ ᠬᠦᠮᠦᠰ ᠤᠨ ᠨᠦᠬᠦᠪᠦᠷᠢ ᠮᠦᠩᠬᠦ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ ᠪᠠᠷ ᠪᠤᠯᠪᠠ᠃         2018 ᠤᠨ ᠳᠤ ᠪᠦᠬᠦ ᠠᠶᠢᠮᠠᠭ ᠤᠨ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠦᠬᠦᠪᠦᠷᠢ ᠶᠢᠨ ᠪᠠᠷᠢᠮᠵᠢᠶ᠎ᠠ ᠶᠢ ᠲᠤᠰ ᠲᠤᠰ 5% ᠪᠠ 8% ᠪᠠᠷ ᠲᠡᠭᠡᠭᠰᠢᠯᠡᠬᠦᠯᠵᠦ᠂ ᠬᠦᠮᠦᠨ ᠪᠦᠷᠢ ᠳᠤ ᠰᠠᠷ᠎ᠠ ᠶᠢᠨ 684 ᠲᠦᠭᠦᠷᠢᠭ ᠪᠠ 659 ᠲᠦᠭᠦᠷᠢᠭ ᠤᠨ ᠨᠦᠬᠦᠪᠦᠷᠢ ᠤᠯᠭᠤᠨ᠎ᠠ︔ ᠪᠦᠬᠦ ᠠᠶᠢᠮᠠᠭ ᠤᠨ ᠬᠤᠲᠠ ᠪᠠᠯᠭᠠᠰᠤ ᠶᠢᠨ ︽ᠭᠤᠷᠪᠠᠨ ᠦᠬᠡᠢ︾ ᠬᠦᠮᠦᠰ ᠤᠨ ᠨᠦᠬᠦᠪᠦᠷᠢ ᠮᠥᠩᠬᠦ ᠶᠢᠨ ᠪᠠᠷᠢᠮᠵᠢᠶ᠎ᠠ ᠶᠢ 12. 3% ᠪᠠᠷ ᠲᠡᠭᠡᠭᠰᠢᠯᠡᠬᠦᠯᠵᠦ᠂ ᠬᠦᠮᠦᠨ ᠪᠦᠷᠢ ᠳᠤ ᠰᠠᠷ᠎ᠠ ᠶᠢᠨ 1200 ᠲᠦᠭᠦᠷᠢᠭ ᠤᠨ ᠨᠦᠬᠦᠪᠦᠷᠢ ᠤᠯᠭᠤᠨ᠎ᠠ︔ ᠪᠦᠬᠦ ᠠᠶᠢᠮᠠᠭ ᠤᠨ ᠬᠤᠲᠠ ᠪᠠᠯᠭᠠᠰᠤ ᠶᠢᠨ ︽ᠲᠠᠪᠤᠨ ᠪᠠᠲᠤᠯᠠᠭᠠᠲᠤ︾ ᠡᠷᠦᠭᠡ ᠶᠢᠨ ᠨᠢᠬᠡᠳᠦᠯᠲᠠᠢ ᠪᠠ ᠲᠠᠷᠠᠬᠠᠢ ᠪᠠᠷ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠲᠤᠰ ᠲᠤᠰ 14.9% ᠪᠠ 35.2% ᠢᠶᠠᠷ ᠲᠡᠭᠡᠭᠰᠢᠯᠡᠬᠦᠯᠵᠦ᠂ ᠲᠡᠭᠰᠢᠳᠭᠡᠭᠡᠳ ᠬᠦᠮᠦᠨ ᠪᠦᠷᠢ ᠶᠢᠨ ᠰᠠᠷ᠎ᠠ ᠶᠢᠨ 1133 ᠲᠦᠭᠦᠷᠢᠭ ᠪᠤᠯᠭᠠᠨ᠎ᠠ᠃ ᠡᠬᠦᠨ ᠠᠴᠠ ᠭᠠᠳᠠᠨ᠎ᠠ᠂ ᠠᠮᠢᠳᠤᠷᠠᠯ ᠤᠨ ᠴᠢᠳᠠᠪᠤᠷᠢ ᠪᠠᠨ ᠪᠦᠷᠢᠮᠤᠰᠤᠨ ᠠᠯᠳᠠᠭᠰᠠᠨ ᠪᠠ ᠬᠡᠰᠡᠭ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠤᠨᠴᠠ ᠬᠦᠴᠢᠷᠲᠡᠯᠲᠠᠢ ᠬᠦᠮᠦᠰ ᠤᠨ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠲᠤᠰ ᠲᠤᠰ 8% ᠪᠠ 9% ᠪᠠᠷ ᠲᠡᠭᠡᠭᠰᠢᠯᠡᠬᠦᠯᠵᠦ᠂ ᠲᠤᠰ ᠲᠤᠰ ᠰᠠᠷ᠎ᠡ ᠶᠢᠨ 1101 ᠲᠦᠭᠦᠷᠢᠭ ᠪᠠ 473 ᠲᠦᠭᠦᠷᠢᠭ ᠪᠤᠯᠭᠠᠨ᠎ᠠ᠃         ᠡᠨᠡ ᠵᠢᠯ ᠠᠴᠠ᠂ ᠮᠠᠨ ᠤ ᠠᠶᠢᠮᠠᠭ ᠪᠠᠰᠠ 5410 ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠠ ᠵᠡᠮᠳᠡᠭ ᠪᠤᠯᠤᠭᠰᠠᠨ ᠤᠨᠴᠠ ᠭᠦᠴᠢᠷᠳᠡᠯᠲᠡᠢ ᠬᠦᠮᠦᠰ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠᠷ ᠲᠡᠮᠵᠢᠨ ᠲᠤᠰᠠᠯᠠᠬᠤ ᠪᠤᠯᠤᠨ᠎ᠠ᠃ ᠤᠳᠤᠬᠠᠨ ᠳᠤ ᠠᠷᠠᠳ ᠤᠨ ᠶᠠᠪᠤᠳᠠᠯ ᠪᠤᠯᠤᠨ ᠶᠠᠳᠠᠭᠤ ᠶᠢ ᠳᠡᠳᠬᠦᠬᠦ ᠰᠠᠯᠠᠭ᠎ᠠ ᠮᠥᠴᠢᠷ ᠶᠠᠭ ᠰᠠᠶᠢᠬᠠᠨ ᠪᠠᠶᠢᠴᠠᠭᠠᠨ ᠰᠤᠳᠤᠯᠤᠯᠲᠠ ᠬᠢᠬᠦ ᠪᠠ ᠨᠢᠭᠤᠷᠯᠠᠨ ᠲᠤᠭᠳᠠᠭᠠᠬᠤ ᠠᠵᠢᠯ ᠢ ᠦᠷᠨᠢᠬᠦᠯᠵᠦ᠂ 4 ᠰᠠᠷ᠎ᠠ ᠶᠢᠨ ᠰᠡᠬᠦᠯᠴᠢ ᠪᠠᠷ ᠡᠨᠡᠬᠦ ᠠᠵᠢᠯ ᠢ ᠲᠠᠭᠤᠰᠬᠠᠵᠦ᠂ ᠨᠦᠬᠦᠴᠡᠯ ᠳᠤ ᠬᠦᠷᠦᠭᠰᠡᠨ ᠬᠦᠮᠦᠰ ᠲᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠭᠡᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号