4 ᠰᠠᠷ᠎ᠠ ᠶᠢᠨ 17 ᠤ ᠡᠳᠦᠷ᠂ ᠦᠪᠡᠷᠲᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠤᠷᠤᠨ ᠲᠤᠭ᠎ᠠ ᠶᠢᠨ | ᠠᠯᠪᠠᠨ ᠭᠡᠷ ︵ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠲᠦᠷᠢᠮ ᠤᠨ ᠦᠭᠡᠷᠡᠴᠢᠯᠡᠯᠲᠡ ᠶᠢᠨ ᠠᠯᠪᠠᠨ ᠭᠡᠷ︶ ᠤᠨ | ᠡᠷᠬᠢᠯᠡᠭᠴᠢ ᠯᠢᠦ ᠢᠤᠢ ᠬᠤᠸᠠ ᠮᠠᠨ ᠤ ᠠᠶᠢᠮᠠᠭ ᠲᠤ ᠢᠷᠡᠵᠤ ︽ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ︾ | ᠦᠭᠡᠷᠡᠴᠢᠯᠡᠯᠲᠡ᠂ ᠵᠠᠰᠠᠭ ᠵᠠᠬᠢᠷᠭᠠᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠦᠯᠲᠡ ᠶᠢᠨ ᠦᠭᠡᠷᠡᠴᠢᠯᠡᠯᠲᠡ᠂ ᠨᠠᠮ | ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠶᠦᠩ ᠮᠢᠩ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ ᠵᠤᠤ ᠳ᠋ᠧ ᠶᠦᠩ | ᠬᠠᠷᠢᠭᠤ ᠮᠡᠳᠡᠬᠦᠯᠦᠯᠲᠡ ᠶᠢᠨ ᠬᠤᠷᠠᠯ ᠳᠤ ᠤᠷᠤᠯᠴᠠᠪᠠ᠃ | ᠪᠠᠶᠢᠴᠠᠭᠠᠨ ᠰᠤᠳᠤᠯᠬᠤ ᠲᠤᠭᠤᠢᠢᠯᠠᠩ ᠤᠷᠢᠳ ᠬᠤᠵᠢᠳ ᠠᠶᠢᠮᠠᠭ ᠤᠨ ᠵᠠᠰᠠᠭ ᠵᠠᠬᠢᠷᠭᠠᠨ ᠤ ᠶᠠᠪᠤᠳᠠᠯ ᠤᠨ | ᠦᠢᠯᠡᠴᠢᠯᠡᠭᠡᠨ ᠤ ᠲᠦᠪ ᠪᠤᠯᠤᠨ ᠰᠢᠯᠢ ᠶᠢᠨ ᠬᠤᠳᠠ ᠶᠢᠨ ᠪᠤᠯᠠᠭᠠᠨ ᠰᠤᠮᠤ ᠶᠢᠨ ᠠᠷᠠᠳ ᠲᠤ ᠦᠢᠯᠡᠴᠢᠯᠡᠬᠦ ᠲᠦᠪ᠂ | ᠠᠢ ᠮᠢᠨ ᠨᠡᠶᠢᠭᠡᠮ ᠲᠤᠭᠤᠷᠢᠭ᠂ ᠲᠤᠭᠳᠠᠮᠠᠯ ᠬᠦᠷᠦᠩᠭᠡ ᠶᠢ ᠲᠡᠩᠰᠡᠯᠡᠬᠤ ᠲᠦᠪ ᠵᠡᠷᠭᠡ ᠭᠠᠵᠠᠷ ᠬᠦᠷᠴᠤ᠂ ᠬᠠᠮᠢᠶ᠎ᠠ | ᠪᠦᠬᠦᠢ ᠪᠠᠶᠢᠳᠠᠯ ᠢ ᠦᠢᠯᠠᠭᠠᠵᠠᠢ᠃ | ᠪᠠᠶᠢᠴᠠᠭᠠᠨ ᠰᠤᠳᠤᠯᠬᠤ ᠲᠤᠭᠤᠢᠢᠯᠠᠩ ᠴᠢᠬᠤᠯᠠᠴᠢᠯᠠᠬᠤ ᠳᠠᠭᠠᠨ᠂ ᠡᠯ᠎ᠡ ᠱᠠᠳᠦ ᠡᠯ᠎ᠡ ᠰᠠᠯᠠᠭ᠎ᠠ ᠮᠦᠴᠢᠷ ᠤᠯᠤᠰ | ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠪᠠᠶᠢᠳᠠᠯ ᠢ ᠨᠠᠷᠢᠨ ᠬᠢᠨᠠᠮᠠᠭᠠᠢ ᠡᠵᠡᠮᠳᠠᠵᠤ᠂ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠦᠢᠯᠡᠴᠢᠯᠡᠭᠡᠨ ᠤ ᠦᠢᠯᠠᠭᠠᠭᠳᠠᠬᠤᠨ᠂ ᠲᠦᠷᠢᠮ᠂ ᠰᠤᠷᠳᠠᠯ ᠤᠨ ᠪᠦᠬᠦ ᠲᠠᠯ᠎ᠠ ᠶᠢᠨ᠂ ᠬᠦᠨ | ᠲᠠᠪᠬᠤᠷᠭ᠎ᠠ ᠶᠢᠨ ᠦᠭᠡᠷᠡᠴᠢᠯᠡᠯᠲᠡ ᠶᠢ ᠠᠬᠢᠭᠤᠯᠵᠤ᠂ ᠠᠵᠢᠯ ᠬᠦᠢᠴᠡᠳᠭᠡᠬᠦ᠂ ᠦᠢᠯᠡᠰ ᠪᠤᠰᠬᠠᠬᠤ ᠪᠠ ᠠᠷᠠᠯᠵᠢᠶ᠎ᠠ | ᠬᠢᠬᠦ ᠤᠷᠴᠢᠨ ᠢ ᠲᠠᠰᠤᠷᠠᠯᠳᠠ ᠦᠭᠡᠢ ᠰᠢᠯᠢᠳᠡᠭᠵᠢᠬᠦᠯᠬᠦ ᠭᠡᠷᠡᠭᠲᠡᠢ᠃ ᠵᠠᠰᠠᠭ ᠵᠠᠬᠢᠷᠭᠠᠨ ᠤ ᠶᠡᠷᠦᠩᠭᠡᠶᠢᠯᠡᠭᠰᠡᠨ ᠬᠠᠤᠯᠢ | ᠭᠡᠷᠡᠭᠵᠢᠬᠦᠯᠦᠯᠲᠡ ᠶᠢᠨ ᠦᠭᠡᠷᠡᠴᠢᠯᠡᠯᠲᠡ ᠶᠢ ᠪᠠᠳᠤᠳᠠᠢ ᠠᠬᠢᠭᠤᠯᠵᠤ᠂ ᠵᠠᠰᠠᠭ ᠢ ᠴᠤᠮᠬᠠᠳᠬᠠᠵᠤ ᠡᠷᠭᠡ ᠶᠢ | ᠲᠠᠯᠪᠢᠬᠤ ᠶᠢ ᠰᠠᠶᠢᠳᠤᠷ ᠬᠢᠵᠤ᠂ ᠵᠠᠬ᠎ᠠ ᠲᠡᠯᠭᠡᠬᠦᠷ ᠤᠨ ᠠᠮᠢᠳᠤᠯᠢᠭ ᠬᠦᠴᠦᠨ ᠢ ᠬᠦᠭᠵᠢᠭᠡᠬᠦ ᠭᠡᠷᠡᠭᠲᠡᠢ᠃ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠬᠢᠶᠠᠯ ᠢ ᠠᠳᠬᠤᠵᠤ᠂ ᠨᠢᠭᠡᠲᠦᠯᠲᠡᠢ ᠲᠦᠯᠦᠪᠯᠡᠵᠤ᠂ ᠬᠠᠮᠳᠤᠪᠠᠷ | ᠠᠳᠬᠤᠨ ᠬᠠᠮᠳᠤᠪᠠᠷ ᠬᠠᠮᠢᠶᠠᠷᠴᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠰᠠᠬᠢᠯᠭ᠎ᠠ ᠪᠠᠳᠤ ᠶᠢ ᠴᠢᠩᠭ᠎ᠠ | ᠭᠡᠷᠡᠭᠵᠢᠬᠦᠯᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠳᠤ ᠰᠢᠨ᠎ᠠ ᠶᠢ ᠡᠬᠦᠳᠴᠤ᠂ ᠡᠯ᠎ᠡ | ᠲᠠᠯ᠎ᠠ ᠶᠢᠨ ᠦᠭᠡᠷᠡᠴᠢᠯᠡᠯᠲᠡ ᠶᠢᠨ ᠲᠤᠭᠳᠠᠭᠰᠠᠨ ᠬᠤᠭᠤᠴᠠᠭ᠎ᠠ ᠪᠠᠷ ᠪᠡᠶᠡᠯᠡᠭᠲᠡᠬᠦ ᠳᠤ ᠬᠦᠴᠦᠷᠭᠡᠭ ᠶᠡᠭᠡ | ᠪᠠᠳᠤᠯᠠᠭ᠎ᠠ ᠬᠠᠩᠭᠠᠬᠤ ᠭᠡᠷᠡᠭᠲᠡᠢ ᠭᠡᠪᠡ᠃ | ᠾᠦᠸᠧ ᠵᠤᠤ ᠯᠢᠶᠠᠩ ᠱᠠᠭᠠᠷᠳᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠪᠠᠶᠢᠴᠠᠭᠠᠨ ᠰᠤᠳᠤᠯᠬᠤ | ᠲᠤᠭᠤᠢᠢᠯᠠᠩ ᠤᠨ ᠲᠤᠰᠬᠠᠭᠰᠠᠨ ᠰᠠᠨᠠᠯ ᠲᠠᠢ ᠬᠠᠷᠭᠤᠭᠤᠯᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠤ᠂ | ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠬᠦᠨᠵᠡᠭᠡᠢ ᠰᠤᠳᠤᠯᠵᠤ᠂ ᠡᠯ᠎ᠡ ᠲᠠᠯ᠎ᠠ ᠶᠢᠨ ᠦᠭᠡᠷᠡᠴᠢᠯᠡᠯᠲᠡ ᠶᠢᠨ | ᠪᠤᠳᠠᠳᠤ ᠦᠷ᠎ᠠ ᠪᠦᠲᠦᠮᠵᠢ ᠤᠯᠬᠤ ᠶᠢ ᠪᠠᠳᠤᠯᠠᠬᠤ ᠭᠡᠷᠡᠭᠲᠡᠢ ᠭᠡᠪᠡ᠃ | ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠠᠮᠢᠶ᠎ᠠ ᠪᠦᠬᠦᠢ ᠬᠤᠰᠢᠭᠤ ᠰᠢᠶᠠᠨ ᠤ | ᠭᠤᠤᠯ ᠬᠠᠷᠢᠭᠤᠴᠠᠯᠭᠠᠳᠠᠨ ᠬᠠᠷᠢᠭᠤ ᠮᠡᠳᠡᠬᠦᠯᠦᠯᠲᠡ ᠶᠢᠨ ᠬᠤᠷᠠᠯ ᠳᠤ ᠤᠷᠤᠯᠴᠠᠪᠠ᠃ |