4 ᠰᠠᠷ᠎ᠠ ᠶᠢᠨ 18 ᠤ ᠡᠳᠦᠷ᠂ ᠠᠶᠢᠮᠠᠭ ᠤᠨ ᠭᠤᠤᠯ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ | ᠭᠡᠷᠡᠭᠵᠢᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠠᠵᠢᠯ ᠢᠶᠠᠨ ᠠᠬᠢᠭᠤᠯᠬᠤ ᠬᠤᠷᠠᠯ ᠬᠤᠷᠠᠯᠳᠤᠭᠤᠯᠵᠤ᠂ | ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠲᠠᠰ ᠤᠨ ᠶᠡᠷᠦᠩᠭᠡᠢ ᠭᠤᠤᠯ ᠤᠨ ᠲᠠᠷᠤᠭ᠎ᠠ ᠯᠦᠸᠧ | ᠬᠤ᠋ ᠽᠠᠢ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠤ᠂ ᠤᠯᠤᠰ ᠲᠦᠷᠦ ᠶᠢᠨ ᠵᠤᠭᠰᠤᠴᠠ ᠪᠠᠨ | ᠲᠡᠭᠡᠭᠰᠢᠯᠡᠬᠦᠯᠵᠤ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠭᠤᠤᠯ ᠤᠨ ᠲᠠᠷᠤᠭ᠎ᠠ ᠶᠢᠨ ᠲᠦᠷᠢᠮ ᠤᠨ ᠡᠯ᠎ᠡ | ᠲᠠᠯ᠎ᠠ ᠶᠢᠨ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠭᠤᠷ ᠴᠦᠬᠦᠷᠦᠮ ᠤᠨ ᠬᠠᠮᠢᠶᠠᠷᠤᠯᠳᠠ | ᠬᠠᠮᠠᠭᠠᠯᠠᠯᠲᠠ ᠶᠢᠨ ᠠᠵᠢᠯ ᠤᠨ ᠰᠢᠨ᠎ᠠ ᠪᠠᠶᠢᠳᠠᠯ ᠢ ᠡᠬᠦᠳᠴᠤ᠂ ᠮᠠᠨ ᠤ ᠤᠯᠤᠰ ᠤᠨ ᠤᠮᠠᠷᠠᠲᠦ ᠬᠢᠯᠢ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠲᠡᠢ | ᠭᠡᠵᠤ ᠴᠢᠬᠤᠯᠠᠴᠢᠯᠠᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠪᠦᠦ ᠬᠦᠸᠧ ᠴᠢᠤᠸᠠᠨ ᠬᠤᠷᠠᠯ ᠡᠷᠬᠢᠯᠡᠵᠡᠢ᠃ | ᠠᠶᠢᠮᠠᠭ ᠤᠨ ᠤᠳᠤᠷᠢᠳᠤᠯᠭ᠎ᠠ ᠸᠠᠩ ᠷᠦᠢ᠂ ᠾᠸᠤ ᡁᠢ ᠮᠢᠨ᠂ ᠵᠠᠩ ᠽᠢ ᠵᠢᠶᠦ᠋ᠨ ᠵᠢᠴᠢ ᠠᠶᠢᠮᠠᠭ ᠤᠨ ᠭᠤᠤᠯ ᠤᠨ | ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠬᠦ ᠠᠵᠢᠯ ᠤᠨ ᠤᠳᠤᠷᠢᠳᠬᠤ ᠲᠤᠭᠤᠢᠢᠯᠠᠩ ᠤᠨ | ᠪᠦᠷᠢᠯᠳᠦᠬᠦᠨ ᠪᠠᠶᠢᠭᠤᠯᠭ᠎ᠠ ᠨᠢᠭᠡᠴᠡ᠂ ᠰᠢᠯᠢ ᠶᠢᠨ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ | ᠤᠷᠤᠯᠴᠠᠵᠠᠢ᠃ | ᠯᠦᠸᠧ ᠬᠤ᠋ ᠽᠠᠢ ᠵᠢᠭᠠᠬᠤ ᠳᠠᠭᠠᠨ᠂ ᠰᠢᠯᠢ ᠶᠢᠨ ᠭᠤᠤᠯ ᠠᠶᠢᠮᠠᠭ ᠪᠤᠯ ᠭᠠᠩ ᠬᠠᠭᠤᠷᠠᠢ ᠤᠰᠤ ᠲᠤᠳᠠᠭᠳᠠᠬᠤ | ᠭᠠᠵᠠᠷ ᠤᠷᠤᠨ ᠳᠤ ᠪᠠᠭᠳᠠᠵᠤ᠂ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ | ᠬᠠᠮᠠᠭᠠᠯᠠᠬᠤ ᠨᠢ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠳᠤ ᠬᠤᠯᠪᠤᠭᠳᠠᠵᠤ᠂ | ᠦᠨᠳᠤᠰᠤᠲᠡᠨ ᠨᠦᠭᠦᠳ ᠤᠨ ᠤᠯᠠᠨ ᠲᠦᠮᠡᠨ ᠤ ᠤᠷᠤᠰᠢᠨ ᠲᠤᠭᠳᠠᠨᠢᠬᠤ ᠠᠮᠤᠷ ᠲᠦᠪᠰᠢᠨ ᠳᠤ ᠬᠤᠯᠪᠤᠭᠳᠠᠨ᠎ᠠ᠃ | ᠪᠦᠬᠦ ᠠᠶᠢᠮᠠᠭ ᠲᠠᠶᠠᠭᠠᠷ ᠶᠡᠷᠦᠩᠭᠡᠢ ᠱᠦᠵᠢ ᠰᠢ ᠶᠢᠨ ᠫᠢᠩ ᠤᠨ ᠭᠤᠤᠯ ᠮᠦᠷᠡᠨ ᠢ ᠵᠠᠰᠠᠵᠤ ᠤᠰᠤᠨ | ᠠᠰᠢᠭᠯᠠᠯᠲᠠ ᠶᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ | ᠲᠤᠤᠱᠯᠠᠭᠤᠯᠵᠤ᠂ ︽ᠬᠦᠭᠡᠮᠲᠦᠭ ᠨᠤᠭᠤᠭᠠᠨ ᠠᠭᠤᠯᠠ ᠤᠰᠤ ᠪᠤᠯ ᠲᠠᠷᠦᠢ ᠠᠯᠳᠠ ᠮᠦᠩᠬᠦᠨ ᠠᠭᠤᠯᠠ ᠮᠦᠨ︾ | ᠭᠡᠬᠦ ᠦᠢᠯᠠᠭᠠᠭᠳᠠᠬᠤᠨ ᠢ ᠪᠠᠳᠤ ᠪᠤᠢ ᠪᠤᠯᠭᠠᠵᠤ᠂ ᠨᠠᠮ ᠤᠨ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠤᠨ | ᠲᠠᠷᠤᠭ᠎ᠠ ᠶᠢᠨ ᠲᠦᠷᠢᠮ ᠤᠨ ᠠᠵᠢᠯ ᠢ ᠰᠠᠶᠢᠳᠤᠷ ᠠᠳᠬᠤᠵᠤ᠂ ᠪᠤᠳᠠᠳᠤ ᠦᠷ᠎ᠠ ᠪᠦᠲᠦᠮᠵᠢ ᠤᠯᠬᠤ ᠭᠡᠷᠡᠭᠲᠡᠢ ᠭᠡᠪᠡ᠃ | | ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠠᠵᠢᠯ ᠤᠨ ᠠᠷᠭ᠎ᠠ ᠪᠠᠷᠢᠯ ᠢᠶᠠᠨ ᠴᠢᠩᠭᠠᠳᠬᠠᠵᠤ᠂ ᠨᠠᠭᠤᠷ | ᠴᠦᠬᠦᠷᠦᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠭᠤᠯᠤᠮᠵᠢ ᠶᠢ ᠲᠡᠬᠦᠯᠲᠡᠷᠵᠢᠬᠦᠯᠵᠤ᠂ ᠬᠠᠤᠯᠢ | ᠭᠡᠷᠡᠭᠵᠢᠬᠦᠯᠦᠯᠲᠡ ᠶᠢᠨ ᠰᠢᠰᠲᠧᠮ ᠢ ᠲᠡᠬᠦᠯᠲᠡᠷᠵᠢᠬᠦᠯᠵᠤ᠂ ᠨᠠᠭᠤᠷ ᠴᠦᠬᠦᠷᠦᠮ ᠤᠨ ᠬᠠᠮᠢᠶᠠᠷᠤᠯᠳᠠ | ᠬᠠᠮᠠᠭᠠᠯᠠᠯᠲᠠ ᠶᠢᠨ ᠬᠠᠮᠳᠤᠷᠠᠭᠰᠠᠨ ᠪᠠᠶᠢᠴᠠᠭᠠᠯᠳᠠ ᠶᠢᠨ ᠲᠤᠭᠳᠠᠴᠠ ᠪᠠ ᠬᠢᠨᠠᠨ ᠬᠡᠮᠵᠢᠬᠦ ᠤᠷᠢᠳᠴᠢᠯᠠᠨ ᠰᠡᠷᠭᠡᠶᠢᠯᠡᠬᠦ | ᠲᠤᠭᠳᠠᠴᠠ ᠶᠢ ᠪᠠᠶᠢᠭᠤᠯᠵᠤ᠂ ᠤᠰᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ ᠠᠵᠢᠯᠯᠠᠭ᠎ᠠ ᠳᠤ | ᠴᠢᠩᠭ᠎ᠠ ᠴᠤᠬᠢᠯᠳᠠ ᠦᠭᠬᠦ ᠭᠡᠷᠡᠭᠲᠡᠢ᠃ ᠡᠯ᠎ᠠ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠦ᠂ ᠬᠠᠮᠢᠶᠠᠷᠤᠯᠳᠠ ᠬᠠᠮᠠᠭᠠᠯᠠᠯᠲᠠ ᠶᠢᠨ ᠵᠠᠷᠤᠳᠠᠯ᠂ ᠬᠦᠮᠦᠨ ᠤ ᠬᠦᠴᠦ᠂ | ᠰᠠᠭᠤᠷᠢ ᠲᠦᠬᠦᠭᠡᠷᠦᠮᠵᠢ ᠵᠡᠷᠭᠡ ᠲᠠᠯ᠎ᠠ ᠪᠠᠷ ᠬᠦᠢᠴᠡᠳ ᠪᠠᠳᠤᠯᠠᠭ᠎ᠠ ᠬᠠᠩᠭᠠᠬᠤ ᠭᠡᠷᠡᠭᠲᠡᠢ᠃ ᠰᠢᠯᠭᠠᠨ ᠦᠨᠡᠯᠡᠵᠦ | ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠤ᠂ ᠰᠢᠯᠭᠠᠨ ᠦᠨᠡᠯᠡᠭᠰᠡᠨ ᠦᠷ᠎ᠠ ᠳ᠋ᠦᠩ ᠢ ᠤᠷᠤᠨ ᠨᠤᠳᠤᠭ ᠤᠨ ᠨᠠᠮ | ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠶᠡᠷᠦᠩᠭᠡᠶᠢᠯᠡᠨ ᠰᠢᠯᠭᠠᠨ ᠦᠨᠡᠯᠡᠬᠦ ᠴᠢᠬᠤᠯᠠ | ᠦᠨᠳᠤᠰᠤᠯᠠᠯ ᠪᠤᠯᠭᠠᠬᠤ ᠭᠡᠷᠡᠭᠲᠡᠢ ᠭᠡᠪᠡ᠃ | ᠬᠤᠷᠠᠯ ᠠᠴᠠ ᠡᠮᠦᠨᠡᠭᠡᠨ᠂ ᠯᠦᠸᠧ ᠬᠤ᠋ ᠽᠠᠢ ᠨᠠᠷ ᠰᠢᠯᠢ ᠶᠢᠨ ᠭᠤᠤᠯ ᠤᠨ ᠤᠷᠤᠰᠬᠠᠯ ᠲᠠᠭᠠᠤ ᠭᠡᠰᠡᠭ | ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠵᠤ᠂ ᠬᠠᠮᠢᠶᠠᠷᠤᠯᠳᠠ ᠬᠠᠮᠠᠭᠠᠯᠠᠯᠲᠠ ᠵᠠᠰᠠᠯᠳᠠ ᠶᠢᠨ ᠠᠵᠢᠯ ᠲᠤᠮᠳᠠ | ᠤᠷᠤᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠢ ᠳᠤ ᠲᠤᠷᠠᠳᠤᠨ ᠴᠡᠭᠴᠡᠯᠡᠨ ᠰᠠᠶᠢᠵᠢᠷᠠᠭᠤᠯᠬᠤ ᠶᠢ | ᠱᠠᠭᠠᠷᠳᠠᠪᠠ᠃ |