4 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠾᠦᠸᠧ ᠵᠤᠤ ᠯᠢᠶᠠᠩ 2018 ᠤᠨ ᠤ 3 ᠳ᠋ᠤᠭᠠᠷ ᠤᠳᠠᠭᠠᠨ ᠤ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ | ᠡᠷᠬᠢᠯᠡᠨ ᠬᠤᠷᠠᠯᠳᠤᠭᠤᠯᠵᠦ᠂ ᠡᠯ᠎ᠠ ᠰᠠᠯᠠᠭ᠎ᠠ ᠮᠥᠴᠢᠷ ᠤᠨ ᠲᠡᠬᠡᠲᠤ ᠱᠠᠲᠤᠨ ᠠᠴᠠ ᠪᠡᠯᠡ ᠮᠦᠩᠬᠦ ᠲᠦᠷᠦᠯ ᠵᠦᠢᠯ | ᠡᠷᠡᠮᠡᠯᠵᠡᠯᠡᠬᠦ ᠪᠠ ︽ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ᠂ ᠡᠷᠭᠡ ᠶᠢ ᠲᠠᠯᠪᠢᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠲᠡ ᠶᠢᠨ ᠠᠵᠢᠯ ᠤᠨ ᠬᠠᠷᠢᠭᠤ | ᠮᠡᠳᠡᠬᠦᠯᠦᠯᠲᠡ ᠶᠢ ᠰᠤᠨᠤᠰᠴᠦ᠂ ᠲᠠᠷᠠᠭᠠᠴᠢ ᠶᠢᠨ ᠠᠵᠢᠯ ᠢ ᠪᠠᠶᠢᠷᠢᠯᠠᠭᠤᠯᠪᠠ᠃ | ᠠᠶᠢᠮᠠᠭ ᠤᠨ ᠳᠡᠳ᠋ ᠳᠠᠷᠤᠭ᠎ᠠ ᠾᠸᠤ ᡁᠢ ᠮᠢᠨ᠂ ᠡᠤ ᠴᠤᠭ᠂ ᠵᠠᠩ ᠽᠢ ᠵᠢᠶᠦ᠋ᠨ᠂ ᠰᠠᠷᠠᠨᠴᠢᠮᠡᠭ ᠬᠤᠷᠠᠯ ᠳᠤ | ᠤᠷᠤᠯᠴᠠᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠠ ᠱᠠᠲᠤ ᠡᠯ᠎ᠠ ᠰᠠᠯᠠᠭ᠎ᠠ ᠮᠥᠴᠢᠷ ᠡᠷᠭᠡᠪᠰᠢ ᠠᠵᠢᠯ ᠤᠨ ᠠᠷᠭ᠎ᠠ | ᠬᠡᠮᠵᠢᠶ᠎ᠡ ᠪᠠᠨ ᠡᠷᠴᠢᠮᠵᠢᠬᠦᠯᠵᠦ᠂ ᠵᠤᠬᠢᠴᠠᠭᠤᠯᠤᠨ ᠬᠠᠪᠰᠤᠷᠤᠯᠴᠠᠵᠦ᠂ ᠲᠡᠭᠡᠳᠤ ᠱᠠᠲᠤᠨ ᠤ ᠪᠡᠯᠡ ᠮᠦᠩᠬᠦ ᠲᠦᠷᠦᠯ | ᠵᠦᠢᠯ ᠢ ᠡᠷᠡᠮᠡᠯᠵᠡᠯᠡᠬᠦ ᠭᠡᠷᠡᠭᠲᠡᠢ᠃ ᠲᠦᠷᠦ ᠶᠢᠨ ᠪᠤᠳᠤᠯᠭ᠎ᠠ ᠶᠢ ᠰᠠᠶᠢᠲᠤᠷ ᠰᠤᠷᠤᠯᠴᠠᠨ ᠡᠵᠡᠮᠰᠢᠵᠦ᠂ ᠲᠦᠷᠦ ᠶᠢᠨ | ᠪᠤᠳᠤᠯᠭ᠎ᠠ ᠶᠢᠨ ᠤᠳᠤᠷᠢᠳᠤᠮᠵᠢ ᠪᠠ ᠪᠡᠯᠡ ᠮᠦᠩᠬᠦ ᠶᠢᠨ ᠲᠤᠬᠢᠷᠠᠭᠤᠯᠤᠯᠲᠠ ᠶᠢ ᠤᠨᠤᠪᠴᠢᠳᠠᠢ ᠡᠵᠡᠮᠳᠡᠵᠦ᠂ ᠪᠡᠯᠡ | ᠮᠦᠩᠬᠦ ᠶᠢ ᠪᠦᠲᠦᠮᠵᠢᠲᠠᠢ ᠠᠰᠢᠭᠯᠠᠬᠤ ᠭᠡᠷᠡᠭᠲᠡᠢ᠃ ᠲᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠠᠢ | ᠬᠠᠷᠢᠯᠴᠠᠵᠦ᠂ ᠲᠦᠷᠦᠯ ᠵᠦᠢᠯ ᠤᠨ ᠰᠤᠷᠠᠭ ᠵᠠᠩᠬᠢ᠂ ᠠᠬᠢᠴᠠ ᠶᠢᠨ ᠪᠠᠶᠢᠳᠠᠯ ᠢ ᠨᠢᠭᠳᠠ ᠠᠩᠬᠠᠷᠴᠤ᠂ ᠲᠦᠪ | ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠲᠡᠮᠵᠢᠯᠭᠡ ᠶᠢ ᠤᠯᠬᠤ ᠪᠠᠷ ᠴᠢᠷᠮᠠᠶᠢᠬᠤ ᠭᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ︽ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ᠂ ᠡᠷᠭᠡ ᠶᠢ | ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠲᠡ ᠪᠤᠯ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢᠨ ᠴᠢᠬᠤᠯᠡ ᠠᠭᠤᠯᠭ᠎ᠠ ᠮᠦᠨ᠃ ᠡᠯ᠎ᠠ | ᠱᠠᠲᠤ ᠡᠯ᠎ᠡ ᠰᠠᠯᠠᠭ᠎ᠠ ᠮᠥᠴᠢᠷ ᠡᠷᠭᠡᠪᠰᠢ ᠲᠡᠭᠡᠲᠤ ᠱᠠᠲᠤᠨ ᠤ ᠦᠭᠡᠷᠡᠴᠢᠯᠡᠯᠲᠡ ᠶᠢᠨ ᠱᠠᠭᠠᠷᠳᠠᠯᠭ᠎ᠠ ᠶᠤᠰᠤᠭᠠᠷ᠂ | ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠦ᠂ ᠲᠤᠪᠤᠶᠢᠮ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠵᠠᠰᠠᠨ | ᠰᠠᠶᠢᠵᠢᠷᠠᠭᠤᠯᠬᠤ ᠠᠵᠢᠯ ᠤᠨ ᠪᠤᠳᠠᠳᠤ ᠦᠷ᠎ᠡ ᠪᠦᠲᠦᠮᠵᠢ ᠶᠢ ᠪᠠᠲᠤᠯᠠᠬᠤ ᠭᠡᠷᠡᠭᠳᠡᠢ ᠭᠡᠪᠡ᠃ | ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃ |