ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠵᠢᠯᠤᠭᠤᠳᠬᠤ ᠭᠠᠵᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠠᠵᠢᠯ ᠤᠨ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2018/4/24
    4 ᠰᠠᠷ᠎ᠠ ᠶᠢᠨ 19᠎ ᠤ ᠡᠳᠦᠷ᠂ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠵᠢᠯᠤᠭᠤᠳᠬᠤ ᠭᠠᠵᠠᠷ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠳᠤ ᠲᠤᠮᠢᠯᠠᠭᠰᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠠᠵᠢᠯ ᠤᠨ ᠬᠤᠷᠠᠯ ᠢ ᠬᠤᠷᠠᠯᠳᠤᠭᠤᠯᠪᠡ᠃ ᠥᠪᠡᠷᠲᠡᠭᠡᠨ ᠵᠠᠰᠠᠬᠤ ᠤᠷᠤᠨ ᠤ ᠤᠯᠤᠰ ᠤᠨ ᠲᠠᠰ ᠤᠨ ᠶᠠᠳᠠᠭᠤ ᠬᠤᠰᠢᠭᠤ ᠰᠢᠶᠠᠨ ᠳᠤ ᠲᠤᠮᠢᠯᠠᠭᠰᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠬᠢᠨ ᠲᠤᠷᠰᠢᠯᠭ᠎ᠠ ᠰᠤᠯᠢᠯᠴᠠᠬᠤ ᠶᠠᠷᠢᠶ᠎ᠠ ᠲᠠᠯᠪᠢᠵᠦ᠂ ᠠᠶᠢᠮᠠᠭ ᠤᠨ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠳᠤ ᠲᠤᠮᠢᠯᠠᠭᠰᠠᠨ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠬᠢᠨ ᠠᠵᠢᠯ ᠤᠨ ᠬᠠᠷᠢᠭᠤ ᠮᠡᠳᠡᠬᠦᠯᠦᠯᠳᠡ ᠬᠢᠵᠦ᠂ ᠡᠯ᠎ᠠ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠬᠢᠨᠠᠨ ᠰᠢᠯᠭᠠᠯᠲᠠ ᠶᠢᠨ ᠪᠠᠶᠢᠳᠠᠯ ᠢ ᠮᠡᠳᠡᠭᠳᠡᠪᠡ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠤᠤ ᠭᠦᠸᠧ ᠴᠢᠤᠸᠠᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠠᠶᠢᠮᠠᠭ ᠤᠨ ᠳᠡᠳ᠋ ᠳᠠᠷᠤᠭ᠎ᠠ ᠾᠸᠦ ᡁᠢ ᠮᠢᠨ ᠬᠤᠷᠠᠯ ᠡᠷᠬᠢᠯᠡᠪᠡ᠃         ᠬᠤᠷᠠᠯ ᠠᠴᠠ ᠵᠢᠭᠠᠬᠤ ᠳᠠᠭᠠᠨ᠂ ᠵᠢᠯ ᠢᠯᠡᠬᠦᠦ ᠶᠢᠨ ᠬᠤᠭᠤᠴᠠᠭᠠᠨ ᠳᠤ᠂ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠳᠤ ᠲᠤᠮᠢᠯᠠᠭᠰᠠᠨ 8 ᠱᠠᠭᠠᠷᠳᠠᠨ ᠪᠠᠶᠢᠴᠠᠭᠠᠬᠤ ᠲᠤᠭᠤᠢᠢᠯᠠᠩ ᠨᠢ 560 ᠭᠠᠷᠤᠢ ᠭᠠᠴᠠᠭ᠎ᠠ ᠲᠤᠰᠬᠤᠨ ᠤ 5000 ᠭᠠᠷᠤᠢ ᠮᠠᠯᠴᠢᠨ ᠲᠠᠷᠢᠶᠠᠴᠢᠨ ᠡᠷᠦᠬᠡ ᠪᠠᠷ ᠬᠦᠨᠵᠡᠬᠡᠶᠢᠷᠡᠵᠦ᠂ ᠨᠡᠶᠢᠳᠡ 377 ᠠᠰᠠᠭᠤᠳᠠᠯ ᠢ ᠢᠯᠡᠷᠡᠬᠦᠯᠵᠦ ᠂ ᠲᠤᠰᠬᠠᠢ ᠰᠡᠳᠦᠪᠲᠤ ᠬᠤᠷᠠᠯ ᠢ 54 ᠤᠳᠠᠭ᠎ᠠ ᠬᠤᠷᠠᠯᠳᠤᠭᠤᠯᠵᠦ᠂ ᠵᠠᠰᠠᠨ ᠰᠠᠶᠢᠵᠢᠷᠠᠭᠤᠯᠬᠤ ᠰᠠᠨᠠᠯ 33᠎ ᠶᠢ ᠲᠤᠷᠠᠳᠴᠤ᠂ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠠ ᠶᠢ ᠲᠤᠭᠳᠠᠭᠠᠬᠤ ᠳᠤ ᠯᠠᠪᠯᠠᠯᠲᠠ ᠬᠠᠩᠭᠠᠵᠦ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠪᠡᠯᠡ ᠮᠦᠩᠬᠦ ᠶᠢᠨ ᠬᠠᠮᠢᠶᠠᠷᠤᠯᠳᠠ ᠬᠡᠷᠡᠭᠯᠡᠯᠲᠡ ᠪᠠ ᠲᠤᠪᠤᠶᠢᠮ᠎ᠠ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠠᠬᠢᠭᠤᠯᠵᠠᠢ ᠭᠡᠪᠡ᠃         ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠠ ᠬᠤᠰᠢᠭᠤ ᠰᠢᠶᠠᠨ ᠳᠤ ᠲᠤᠮᠢᠯᠠᠭᠰᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠱᠠᠭᠠᠷᠳᠠᠨ ᠪᠠᠶᠢᠴᠠᠭᠠᠬᠤ ᠲᠤᠭᠤᠢᠢᠯᠠᠩ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠯᠳᠠ ᠶᠢ ᠴᠢᠩᠭᠠᠳᠬᠠᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠠᠢ ᠨᠢᠭᠳᠠ ᠬᠠᠮᠵᠢᠯᠴᠠᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠦ᠂ ᠱᠠᠭᠠᠷᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠰᠤᠷᠳᠠᠯ ᠢᠶᠠᠨ ᠰᠠᠶᠢᠵᠢᠷᠠᠭᠤᠯᠵᠦ᠂ ᠱᠠᠭᠠᠷᠳᠠᠨ ᠪᠠᠶᠢᠴᠠᠭᠠᠬᠤ᠂ ᠠᠰᠠᠭᠤᠳᠠᠯ ᠢ ᠢᠯᠡᠷᠡᠬᠦᠯᠬᠦ᠂ ᠵᠠᠰᠠᠨ ᠰᠠᠶᠢᠵᠢᠷᠠᠭᠤᠯᠬᠤ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号