ᠠᠶᠢᠮᠠᠭ ᠤᠨ ᠨᠠᠮ ᠤᠨ ᠬᠤᠷᠢᠶ᠎ᠠ 2018 ᠤᠨ ᠤ 7 ᠳ᠋ᠤᠭᠠᠷ ᠤᠳᠠᠭᠠᠨ ᠤ ᠭᠡᠰᠢᠬᠦᠳ ᠤᠨ ᠬᠤᠷᠠᠯ ᠬᠤᠷᠠᠯᠳᠤᠭᠤᠯᠪᠠ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠠᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠶᠢ ᠴᠢᠨᠠᠷ ᠰᠠᠶᠢᠳᠠᠢ ᠪᠡᠶᠡᠯᠡᠭᠦᠯᠬᠦ ᠭᠡᠷᠡᠭᠳᠠᠢ
ᠨᠡᠶᠢᠲᠡᠯᠡᠭᠰᠡᠨ ᠴᠠᠭ᠄
2018/4/24
    4 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ 2018 ᠤᠨ ᠤ 7 ᠳ᠋ᠤᠭᠠᠷ ᠤᠳᠠᠭᠠᠨ ᠤ ᠭᠡᠰᠢᠬᠦᠳ ᠤᠨ ᠬᠤᠷᠠᠯ ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠠ ᠦᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠠ ᠪᠦᠲᠦᠮᠵᠢ ᠶᠢ ᠬᠢᠨᠠᠨ ᠰᠢᠯᠭᠠᠵᠦ ᠰᠠᠨᠠᠭᠤᠯᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃         ᠬᠤᠷᠠᠯ ᠠᠴᠠ ᠵᠢᠭᠠᠬᠤ ᠳᠠᠭᠠᠨ᠂ ᠪᠦᠬᠦ ᠠᠶᠢᠮᠠᠭ ᠲᠠᠶᠠᠭᠠᠷ ᠶᠡᠷᠦᠩᠭᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠬᠦ ᠶᠢ ︽ᠲᠦᠷᠪᠡᠨ ᠤᠬᠠᠮᠰᠠᠷ︾  ᠢᠶᠠᠨ ᠴᠢᠩᠭᠠᠳᠬᠠᠬᠤ ᠪᠤᠳᠠᠳᠤ ᠢᠯᠡᠷᠡᠯ ᠪᠤᠯᠭᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠦᠢᠯᠡᠳᠦᠯᠭᠡᠵᠢᠬᠦᠯᠬᠦ ᠴᠢᠬᠤᠯᠠ ᠠᠷᠭ᠎ᠠ ᠪᠠᠷᠢᠯ ᠪᠤᠯᠭᠠᠵᠤ᠂ ᠦᠵᠡᠯ ᠰᠠᠨᠠᠭ᠎ᠠ ᠪᠠ ᠦᠢᠯᠠ ᠠᠵᠢᠯᠯᠠᠭ᠎ᠠ ᠪᠠᠨ ᠲᠦᠪ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠤᠷᠢᠲᠦ ᠪᠠᠶᠢᠷᠢᠯᠠᠭᠤᠯᠤᠯᠲᠠ ᠲᠡᠭᠡᠷ᠎ᠠ ᠨᠢᠭᠡᠳᠭᠡᠵᠤ᠂ ᠢᠳᠡᠭᠡᠯ ᠵᠤᠷᠢᠭ ᠢᠶᠠᠨ ᠬᠦᠪᠴᠢᠯᠡᠨ᠂ ᠪᠦᠲᠦᠮᠵᠢᠲᠡᠢ ᠠᠷᠭ᠎ᠠ ᠠᠪᠴᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠲᠡ ᠶᠢ ᠤᠯᠬᠤ ᠭᠡᠷᠡᠭᠲᠡᠢ ᠭᠡᠪᠡ᠃         ᠬᠤᠷᠠᠯ ᠠᠴᠠ ᠴᠢᠬᠤᠯᠠᠴᠢᠯᠠᠬᠤ ᠳᠠᠭᠠᠨ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠤᠷᠤᠰᠢᠵᠤ ᠪᠠᠶᠢᠭ᠎ᠠ ᠠᠰᠠᠭᠤᠳᠠᠯ ᠢ ᠠᠪᠤᠨ ᠦᠵᠡᠬᠦ ᠳᠤ ᠠᠵᠢᠯ ᠤᠨ ᠠᠰᠠᠭᠤᠳᠠᠯ᠂ ᠰᠤᠷᠳᠠᠯ ᠤᠨ ᠠᠰᠠᠭᠤᠳᠠᠯ᠂ ᠰᠠᠬᠢᠯᠭ᠎ᠠ ᠪᠠᠳᠤ ᠶᠢᠨ ᠠᠰᠠᠭᠤᠳᠠᠯ ᠪᠤᠯᠪᠠᠴᠤ ᠡᠬᠢ ᠦᠨᠳᠤᠰᠤ ᠠᠴᠠ ᠨᠢ ᠦᠵᠡᠪᠡᠯ ᠤᠯᠤᠰ ᠲᠦᠷᠦ ᠶᠢᠨ ᠵᠤᠭᠰᠤᠴᠠ ᠦᠨᠳᠤᠷ ᠦᠭᠡᠢ᠂ ᠦᠵᠡᠯᠳᠠ ᠲᠠᠨᠢᠯᠳᠠ ᠬᠦᠷᠦᠯᠴᠡᠬᠦ ᠦᠭᠡᠢ᠂ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠬᠦ ᠦᠭᠡᠢ ᠠᠰᠠᠭᠤᠳᠠᠯ ᠪᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠰᠠᠭᠤᠳᠠᠯ ᠢᠶᠠᠨ ᠬᠦᠨᠵᠡᠭᠡᠢ ᠵᠠᠳᠠᠯᠵᠤ᠂ ᠲᠠᠷᠦᠢ ᠲᠦᠷᠭᠡᠨ ᠴᠡᠭᠴᠡᠯᠡᠨ ᠰᠠᠶᠢᠵᠢᠷᠠᠭᠤᠯᠬᠤ ᠭᠡᠷᠡᠭᠲᠡᠢ᠃ ᠤᠨᠤᠪᠴᠢᠳᠠᠢ ᠢᠯᠭᠠᠨ ᠳᠤᠳᠤᠯᠠᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠨᠢᠭᠡ ᠴᠦ ᠠᠶᠢᠯ ᠡᠷᠦᠭᠡ᠂ ᠨᠢᠭᠡ ᠴᠦ ᠬᠦᠮᠦᠨ ᠢ ᠤᠷᠬᠢᠬᠳᠠᠭᠤᠯᠬᠤ ᠦᠭᠡᠢ ᠪᠠᠶᠢᠬᠤ ᠭᠡᠷᠡᠭᠳᠠᠢ᠃ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠭᠡᠷᠡᠭᠯᠡᠯᠲᠡ ᠬᠠᠮᠢᠶᠠᠷᠤᠯᠳᠠ ᠶᠢ ᠴᠢᠩᠭᠠᠳᠬᠠᠵᠦ᠂ ᠪᠡᠯᠡ ᠮᠦᠩᠬᠦ ᠶᠢᠨ ᠦᠢᠯᠡᠳᠦᠯ ᠢ ᠬᠦᠴᠡᠳ ᠪᠠᠳᠠᠷᠠᠭᠤᠯᠬᠤ ᠭᠡᠷᠡᠭᠲᠡᠢ᠃ ᠭᠠᠴᠠᠭ᠎ᠠ ᠲᠤᠰᠬᠤᠨ ᠳᠤ ᠰᠠᠭᠤᠬᠤ ᠺᠠᠳ᠋ᠷ ᠤᠨ ᠪᠤᠯᠪᠠᠰᠤᠷᠠᠯ ᠢ ᠴᠢᠩᠭᠠᠳᠬᠠᠵᠦ᠂ ᠺᠠᠳ᠋ᠷ ᠤᠨ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠲᠡᠢ ᠭᠡᠪᠡ᠃         ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ︽ᠶᠠᠳᠠᠭᠤ ᠠᠴᠠ ᠠᠩᠬᠢᠵᠢᠷᠠᠭᠤᠯᠬᠤ ᠳᠤ ᠪᠤᠳᠠᠳᠠᠢ ᠶᠢ ᠡᠷᠬᠢᠮᠯᠡᠵᠦ᠂ ᠶᠠᠳᠠᠭᠤ ᠠᠴᠠ ᠠᠩᠬᠢᠵᠢᠷᠠᠭᠤᠯᠬᠤ ᠶᠠᠪᠤᠴᠠ ᠶᠢ ᠯᠠᠪᠳᠠᠭᠤᠨ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠶᠢ ᠦᠨᠠᠨ ᠪᠤᠳᠠᠳᠠᠢ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠤᠰᠤᠭᠠᠷ᠂ ᠵᠤᠬᠢᠶᠠᠨ ᠪᠠᠶᠢᠭᠤᠯᠵᠦ ᠠᠬᠢᠭᠤᠯᠬᠤ᠂ ᠤᠬᠠᠭᠤᠯᠤᠨ ᠵᠢᠯᠤᠭᠤᠳᠬᠤ ᠪᠠ ᠬᠢᠨᠠᠨ ᠰᠢᠯᠭᠠᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠦ᠂ ᠵᠤᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠪᠠᠷ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠤᠨᠴᠠ ᠬᠦᠴᠢᠷᠳᠡᠯᠲᠡᠢ ᠭᠠᠵᠠᠷ ᠤᠷᠤᠨ ᠪᠠ ᠤᠨᠴᠠ ᠭᠦᠴᠢᠷᠳᠡᠯᠳᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠲᠡᠭᠡᠷ᠎ᠡ ᠬᠦᠴᠦᠨ ᠢᠶᠠᠨ ᠲᠦᠪᠯᠡᠷᠡᠬᠦᠯᠵᠦ᠂ ᠲᠦᠷᠦ ᠶᠢᠨ ᠪᠤᠳᠤᠯᠭ᠎ᠠ ᠶᠢ ᠭᠠᠴᠠᠭ᠎ᠠ ᠲᠤᠰᠬᠤᠨ ᠪᠠ ᠡᠷᠦᠬᠡ ᠪᠤᠯᠭᠠᠨ ᠤ ᠪᠤᠳᠠᠳᠤ ᠪᠠᠶᠢᠳᠠᠯ ᠳᠤ ᠲᠤᠬᠢᠷᠠᠭᠤᠯᠤᠨ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠴᠢᠨᠠᠷ ᠢ ᠪᠠᠲᠤᠯᠠᠬᠤ ᠭᠡᠷᠡᠭᠲᠡᠢ ᠭᠡᠪᠡ᠃         ᠬᠤᠷᠠᠯ ᠲᠡᠭᠡᠷ᠎ᠡ ︽ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠦ ᠪᠠᠶᠢᠴᠠᠭᠠᠨ ᠰᠤᠳᠤᠯᠤᠯᠳᠡ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠬᠦ ᠲᠤᠬᠠᠢ ᠳᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠵᠦ᠂ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ 2018 ᠤᠨ ᠤ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︿ᠬᠤᠶᠠᠷ ᠬᠠᠷᠢᠭᠤᠴᠠᠯᠭ᠎ᠠ﹀ ᠶᠢᠨ ᠠᠵᠢᠯ ᠤᠨ ᠡᠬᠦᠷᠭᠡ ᠬᠠᠷᠢᠭᠤᠴᠠᠯᠭ᠎ᠠ ᠶᠢ ᠬᠤᠪᠢᠶᠠᠨ ᠲᠤᠬᠢᠷᠠᠭᠤᠯᠬᠤ ᠰᠠᠨᠠᠯ︾ ᠢ ᠰᠤᠳᠤᠯᠤᠨ ᠶᠠᠷᠢᠯᠴᠠᠵᠦ᠂ ᠨᠠᠮ ᠪᠠ ᠳᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠲᠡ ᠶᠢ ᠠᠬᠢᠭᠤᠯᠬᠤ᠂ ᠰᠢᠯᠢ ᠶᠢᠨ ᠬᠤᠳᠠ ᠶᠢ ᠪᠦᠬᠦ ᠤᠯᠤᠰ ᠤᠨ ᠪᠤᠯᠪᠠᠰᠤᠨ ᠬᠤᠲᠠ ᠪᠤᠯᠭᠠᠨ ᠡᠬᠦᠳᠦᠨ ᠪᠠᠶᠢᠭᠤᠯᠬᠤ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号