ᠦᠪᠡᠷᠲᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠯᠪᠠᠨ ᠭᠡᠷ ᠤᠨ ᠪᠠᠶᠢᠴᠠᠭᠠᠨ ᠰᠤᠳᠤᠯᠬᠤ ᠲᠤᠭᠤᠢᠢᠯᠠᠩ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/4/24
    4 ᠰᠠᠷ᠎ᠠ ᠶᠢᠨ 17 ᠤ ᠡᠳᠦᠷ᠂ ᠦᠪᠡᠷᠲᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠯᠪᠠᠨ ᠭᠡᠷ ︵ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠲᠦᠷᠢᠮ ᠤᠨ ᠦᠭᠡᠷᠡᠴᠢᠯᠡᠯᠲᠡ ᠶᠢᠨ ᠠᠯᠪᠠᠨ ᠭᠡᠷ︶ ᠤᠨ ᠡᠷᠬᠢᠯᠡᠭᠴᠢ ᠯᠢᠦ ᠢᠤᠢ ᠬᠤᠸᠠ ᠮᠠᠨ ᠤ ᠠᠶᠢᠮᠠᠭ ᠲᠤ ᠢᠷᠡᠵᠤ ︽ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ︾ ᠦᠭᠡᠷᠡᠴᠢᠯᠡᠯᠲᠡ᠂ ᠵᠠᠰᠠᠭ ᠵᠠᠬᠢᠷᠭᠠᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠦᠯᠲᠡ ᠶᠢᠨ ᠦᠭᠡᠷᠡᠴᠢᠯᠡᠯᠲᠡ᠂ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠶᠦᠩ ᠮᠢᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ ᠵᠤᠤ ᠳ᠋ᠧ ᠶᠦᠩ ᠬᠠᠷᠢᠭᠤ ᠮᠡᠳᠡᠬᠦᠯᠦᠯᠲᠡ ᠶᠢᠨ ᠬᠤᠷᠠᠯ ᠳᠤ ᠤᠷᠤᠯᠴᠠᠪᠠ᠃         ᠪᠠᠶᠢᠴᠠᠭᠠᠨ ᠰᠤᠳᠤᠯᠬᠤ ᠲᠤᠭᠤᠢᠢᠯᠠᠩ ᠤᠷᠢᠳ ᠬᠤᠵᠢᠳ ᠠᠶᠢᠮᠠᠭ ᠤᠨ ᠵᠠᠰᠠᠭ ᠵᠠᠬᠢᠷᠭᠠᠨ ᠤ ᠶᠠᠪᠤᠳᠠᠯ ᠤᠨ ᠦᠢᠯᠡᠴᠢᠯᠡᠭᠡᠨ ᠤ ᠲᠦᠪ ᠪᠤᠯᠤᠨ ᠰᠢᠯᠢ ᠶᠢᠨ ᠬᠤᠳᠠ ᠶᠢᠨ ᠪᠤᠯᠠᠭᠠᠨ ᠰᠤᠮᠤ ᠶᠢᠨ ᠠᠷᠠᠳ ᠲᠤ ᠦᠢᠯᠡᠴᠢᠯᠡᠬᠦ ᠲᠦᠪ᠂ ᠠᠢ ᠮᠢᠨ ᠨᠡᠶᠢᠭᠡᠮ ᠲᠤᠭᠤᠷᠢᠭ᠂ ᠲᠤᠭᠳᠠᠮᠠᠯ ᠬᠦᠷᠦᠩᠭᠡ ᠶᠢ ᠲᠡᠩᠰᠡᠯᠡᠬᠤ ᠲᠦᠪ ᠵᠡᠷᠭᠡ ᠭᠠᠵᠠᠷ ᠬᠦᠷᠴᠤ᠂ ᠬᠠᠮᠢᠶ᠎ᠠ ᠪᠦᠬᠦᠢ ᠪᠠᠶᠢᠳᠠᠯ ᠢ ᠦᠢᠯᠠᠭᠠᠵᠠᠢ᠃         ᠪᠠᠶᠢᠴᠠᠭᠠᠨ ᠰᠤᠳᠤᠯᠬᠤ ᠲᠤᠭᠤᠢᠢᠯᠠᠩ ᠴᠢᠬᠤᠯᠠᠴᠢᠯᠠᠬᠤ ᠳᠠᠭᠠᠨ᠂ ᠡᠯ᠎ᠡ ᠱᠠᠳᠦ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠪᠠᠶᠢᠳᠠᠯ ᠢ ᠨᠠᠷᠢᠨ ᠬᠢᠨᠠᠮᠠᠭᠠᠢ ᠡᠵᠡᠮᠳᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠦᠢᠯᠠᠭᠠᠭᠳᠠᠬᠤᠨ᠂ ᠲᠦᠷᠢᠮ᠂ ᠰᠤᠷᠳᠠᠯ ᠤᠨ ᠪᠦᠬᠦ ᠲᠠᠯ᠎ᠠ ᠶᠢᠨ᠂ ᠬᠦᠨ ᠲᠠᠪᠬᠤᠷᠭ᠎ᠠ ᠶᠢᠨ ᠦᠭᠡᠷᠡᠴᠢᠯᠡᠯᠲᠡ ᠶᠢ ᠠᠬᠢᠭᠤᠯᠵᠤ᠂ ᠠᠵᠢᠯ ᠬᠦᠢᠴᠡᠳᠭᠡᠬᠦ᠂ ᠦᠢᠯᠡᠰ ᠪᠤᠰᠬᠠᠬᠤ ᠪᠠ ᠠᠷᠠᠯᠵᠢᠶ᠎ᠠ ᠬᠢᠬᠦ ᠤᠷᠴᠢᠨ ᠢ ᠲᠠᠰᠤᠷᠠᠯᠳᠠ ᠦᠭᠡᠢ ᠰᠢᠯᠢᠳᠡᠭᠵᠢᠬᠦᠯᠬᠦ ᠭᠡᠷᠡᠭᠲᠡᠢ᠃ ᠵᠠᠰᠠᠭ ᠵᠠᠬᠢᠷᠭᠠᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠦᠯᠲᠡ ᠶᠢᠨ ᠦᠭᠡᠷᠡᠴᠢᠯᠡᠯᠲᠡ ᠶᠢ ᠪᠠᠳᠤᠳᠠᠢ ᠠᠬᠢᠭᠤᠯᠵᠤ᠂ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ ᠶᠢ ᠰᠠᠶᠢᠳᠤᠷ ᠬᠢᠵᠤ᠂ ᠵᠠᠬ᠎ᠠ ᠲᠡᠯᠭᠡᠬᠦᠷ ᠤᠨ ᠠᠮᠢᠳᠤᠯᠢᠭ ᠬᠦᠴᠦᠨ ᠢ ᠬᠦᠭᠵᠢᠭᠡᠬᠦ ᠭᠡᠷᠡᠭᠲᠡᠢ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠬᠢᠶᠠᠯ ᠢ ᠠᠳᠬᠤᠵᠤ᠂ ᠨᠢᠭᠡᠲᠦᠯᠲᠡᠢ ᠲᠦᠯᠦᠪᠯᠡᠵᠤ᠂ ᠬᠠᠮᠳᠤᠪᠠᠷ ᠠᠳᠬᠤᠨ ᠬᠠᠮᠳᠤᠪᠠᠷ ᠬᠠᠮᠢᠶᠠᠷᠴᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠰᠠᠬᠢᠯᠭ᠎ᠠ ᠪᠠᠳᠤ ᠶᠢ ᠴᠢᠩᠭ᠎ᠠ ᠭᠡᠷᠡᠭᠵᠢᠬᠦᠯᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠳᠤ ᠰᠢᠨ᠎ᠠ ᠶᠢ ᠡᠬᠦᠳᠴᠤ᠂ ᠡᠯ᠎ᠡ ᠲᠠᠯ᠎ᠠ ᠶᠢᠨ ᠦᠭᠡᠷᠡᠴᠢᠯᠡᠯᠲᠡ ᠶᠢᠨ ᠲᠤᠭᠳᠠᠭᠰᠠᠨ ᠬᠤᠭᠤᠴᠠᠭ᠎ᠠ ‎ ᠪᠠᠷ ᠪᠡᠶᠡᠯᠡᠭᠲᠡᠬᠦ ᠳᠤ ᠬᠦᠴᠦᠷᠭᠡᠭ ᠶᠡᠭᠡ ᠪᠠᠳᠤᠯᠠᠭ᠎ᠠ ᠬᠠᠩᠭᠠᠬᠤ ᠭᠡᠷᠡᠭᠲᠡᠢ ᠭᠡᠪᠡ᠃         ᠾᠦᠸᠧ ᠵᠤᠤ ᠯᠢᠶᠠᠩ ᠱᠠᠭᠠᠷᠳᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠪᠠᠶᠢᠴᠠᠭᠠᠨ ᠰᠤᠳᠤᠯᠬᠤ ᠲᠤᠭᠤᠢᠢᠯᠠᠩ ᠤᠨ ᠲᠤᠰᠬᠠᠭᠰᠠᠨ ᠰᠠᠨᠠᠯ ᠲᠠᠢ ᠬᠠᠷᠭᠤᠭᠤᠯᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠤ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠬᠦᠨᠵᠡᠭᠡᠢ ᠰᠤᠳᠤᠯᠵᠤ᠂ ᠡᠯ᠎ᠡ ᠲᠠᠯ᠎ᠠ ᠶᠢᠨ ᠦᠭᠡᠷᠡᠴᠢᠯᠡᠯᠲᠡ ᠶᠢᠨ ᠪᠤᠳᠠᠳᠤ ᠦᠷ᠎ᠠ ᠪᠦᠲᠦᠮᠵᠢ ᠤᠯᠬᠤ ᠶᠢ ᠪᠠᠳᠤᠯᠠᠬᠤ ᠭᠡᠷᠡᠭᠲᠡᠢ ᠭᠡᠪᠡ᠃         ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠠᠮᠢᠶ᠎ᠠ ᠪᠦᠬᠦᠢ ᠬᠤᠰᠢᠭᠤ ᠰᠢᠶᠠᠨ ᠤ ᠭᠤᠤᠯ ᠬᠠᠷᠢᠭᠤᠴᠠᠯᠭᠠᠳᠠᠨ ᠬᠠᠷᠢᠭᠤ ᠮᠡᠳᠡᠬᠦᠯᠦᠯᠲᠡ ᠶᠢᠨ ᠬᠤᠷᠠᠯ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号