ᠾᠦᠸᠧ ᠵᠤᠤ ᠯᠢᠶᠠᠩ 2018 ᠤᠨ ᠤ 3 ᠳ᠋ᠤᠭᠠᠷ ᠤᠳᠠᠭᠠᠨ ᠤ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/24
    4 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ 2018 ᠤᠨ ᠤ 3 ᠳ᠋ᠤᠭᠠᠷ ᠤᠳᠠᠭᠠᠨ ᠤ ᠠᠶᠢᠮᠠᠭ ᠤᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠡᠯ᠎ᠠ ᠰᠠᠯᠠᠭ᠎ᠠ ᠮᠥᠴᠢᠷ ᠤᠨ ᠲᠡᠬᠡᠲᠤ ᠱᠠᠲᠤᠨ ᠠᠴᠠ ᠪᠡᠯᠡ ᠮᠦᠩᠬᠦ ᠲᠦᠷᠦᠯ ᠵᠦᠢᠯ ᠡᠷᠡᠮᠡᠯᠵᠡᠯᠡᠬᠦ ᠪᠠ ︽ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ᠂ ᠡᠷᠭᠡ ᠶᠢ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠲᠡ ᠶᠢᠨ ᠠᠵᠢᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠦ᠂ ᠲᠠᠷᠠᠭᠠᠴᠢ ᠶᠢᠨ ᠠᠵᠢᠯ ᠢ ᠪᠠᠶᠢᠷᠢᠯᠠᠭᠤᠯᠪᠠ᠃         ᠠᠶᠢᠮᠠᠭ ᠤᠨ ᠳᠡᠳ᠋ ᠳᠠᠷᠤᠭ᠎ᠠ ᠾᠸᠤ ᡁᠢ ᠮᠢᠨ᠂ ᠡᠤ ᠴᠤᠭ᠂ ᠵᠠᠩ ᠽᠢ ᠵᠢᠶᠦ᠋ᠨ᠂ ᠰᠠᠷᠠᠨᠴᠢᠮᠡᠭ ᠬᠤᠷᠠᠯ ᠳᠤ ᠤᠷᠤᠯᠴᠠᠪᠠ᠃         ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠠ ᠱᠠᠲᠤ ᠡᠯ᠎ᠠ ᠰᠠᠯᠠᠭ᠎ᠠ ᠮᠥᠴᠢᠷ ᠡᠷᠭᠡᠪᠰᠢ ᠠᠵᠢᠯ ᠤᠨ ᠠᠷᠭ᠎ᠠ ᠬᠡᠮᠵᠢᠶ᠎ᠡ ᠪᠠᠨ ᠡᠷᠴᠢᠮᠵᠢᠬᠦᠯᠵᠦ᠂ ᠵᠤᠬᠢᠴᠠᠭᠤᠯᠤᠨ ᠬᠠᠪᠰᠤᠷᠤᠯᠴᠠᠵᠦ᠂ ᠲᠡᠭᠡᠳᠤ ᠱᠠᠲᠤᠨ ᠤ ᠪᠡᠯᠡ ᠮᠦᠩᠬᠦ ᠲᠦᠷᠦᠯ ᠵᠦᠢᠯ ᠢ ᠡᠷᠡᠮᠡᠯᠵᠡᠯᠡᠬᠦ ᠭᠡᠷᠡᠭᠲᠡᠢ᠃ ᠲᠦᠷᠦ ᠶᠢᠨ ᠪᠤᠳᠤᠯᠭ᠎ᠠ ᠶᠢ ᠰᠠᠶᠢᠲᠤᠷ ᠰᠤᠷᠤᠯᠴᠠᠨ ᠡᠵᠡᠮᠰᠢᠵᠦ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠠ ᠪᠡᠯᠡ ᠮᠦᠩᠬᠦ ᠶᠢᠨ ᠲᠤᠬᠢᠷᠠᠭᠤᠯᠤᠯᠲᠠ ᠶᠢ ᠤᠨᠤᠪᠴᠢᠳᠠᠢ ᠡᠵᠡᠮᠳᠡᠵᠦ᠂ ᠪᠡᠯᠡ ᠮᠦᠩᠬᠦ ᠶᠢ ᠪᠦᠲᠦᠮᠵᠢᠲᠠᠢ ᠠᠰᠢᠭᠯᠠᠬᠤ ᠭᠡᠷᠡᠭᠲᠡᠢ᠃ ᠲᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠠᠢ ᠬᠠᠷᠢᠯᠴᠠᠵᠦ᠂ ᠲᠦᠷᠦᠯ ᠵᠦᠢᠯ ᠤᠨ ᠰᠤᠷᠠᠭ ᠵᠠᠩᠬᠢ᠂ ᠠᠬᠢᠴᠠ ᠶᠢᠨ ᠪᠠᠶᠢᠳᠠᠯ ᠢ ᠨᠢᠭᠳᠠ ᠠᠩᠬᠠᠷᠴᠤ᠂ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠲᠡᠮᠵᠢᠯᠭᠡ ᠶᠢ ᠤᠯᠬᠤ ᠪᠠᠷ ᠴᠢᠷᠮᠠᠶᠢᠬᠤ ᠭᠡᠷᠡᠭᠲᠡᠢ ᠬᠡᠪᠡ᠃         ᠬᠤᠷᠠᠯ ᠠᠴᠠ ᠴᠢᠬᠤᠯᠠᠴᠢᠯᠠᠬᠤ ᠳᠠᠭᠠᠨ᠂ ︽ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ᠂ ᠡᠷᠭᠡ ᠶᠢ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠲᠡ ᠪᠤᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢᠨ ᠴᠢᠬᠤᠯᠡ ᠠᠭᠤᠯᠭ᠎ᠠ ᠮᠦᠨ᠃ ᠡᠯ᠎ᠠ ᠱᠠᠲᠤ ᠡᠯ᠎ᠡ ᠰᠠᠯᠠᠭ᠎ᠠ ᠮᠥᠴᠢᠷ ᠡᠷᠭᠡᠪᠰᠢ ᠲᠡᠭᠡᠲᠤ ᠱᠠᠲᠤᠨ ᠤ ᠦᠭᠡᠷᠡᠴᠢᠯᠡᠯᠲᠡ ᠶᠢᠨ ᠱᠠᠭᠠᠷᠳᠠᠯᠭ᠎ᠠ ᠶᠤᠰᠤᠭᠠᠷ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠦ᠂ ᠲᠤᠪᠤᠶᠢᠮ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠵᠠᠰᠠᠨ ᠰᠠᠶᠢᠵᠢᠷᠠᠭᠤᠯᠬᠤ ᠠᠵᠢᠯ ᠤᠨ ᠪᠤᠳᠠᠳᠤ ᠦᠷ᠎ᠡ ᠪᠦᠲᠦᠮᠵᠢ ᠶᠢ ᠪᠠᠲᠤᠯᠠᠬᠤ ᠭᠡᠷᠡᠭᠳᠡᠢ ᠭᠡᠪᠡ᠃         ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号