4 ᠰᠠᠷ᠎ᠠ ᠶᠢᠨ 18 ᠤ ᠦᠳᠡ ᠶᠢᠨ ᠡᠮᠦᠨ᠎ᠠ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠦᠷᠦ ᠶᠢᠨ | ᠵᠦᠪᠯᠡᠯᠬᠡᠨ᠂ ᠰᠢᠯᠢ ᠶᠢᠨ ᠭᠤᠤᠯ ᠴᠡᠷᠢᠭ ᠤᠨ ᠬᠤᠪᠢᠶᠠᠷᠢ ᠲᠤᠭᠤᠷᠢᠭ ᠤᠨ ᠤᠳᠤᠷᠢᠳᠤᠯᠭ᠎ᠠ ᠪᠠ ᠰᠢᠯᠢ ᠶᠢᠨ ᠬᠤᠲᠠ | ᠤᠷᠤᠨ ᠤ ᠺᠠᠳ᠋ᠷ ᠤᠯᠠᠨ ᠲᠦᠮᠡᠨ ᠬᠠᠮᠲᠤᠪᠡᠷ ᠡᠮᠦᠨ᠎ᠠ ᠠᠭᠤᠯᠠ ᠶᠢᠨ ᠤᠢ ᠰᠢᠭᠤᠢ ᠶᠢᠨ ᠴᠡᠴᠡᠷᠯᠢᠭ ᠲᠤ ᠪᠦᠬᠦ | ᠠᠷᠠᠳ ᠤᠨ ᠠᠯᠪᠠᠨ ᠵᠢᠷᠤᠮ ᠤᠨ ᠮᠤᠲᠤ ᠲᠠᠷᠢᠬᠤ ᠠᠵᠢᠯᠯᠠᠭ᠎ᠠ ᠳᠤ ᠤᠷᠤᠯᠴᠠᠪᠠ᠃ | ᠠᠵᠢᠯᠯᠠᠭ᠎ᠠ ᠶᠢᠨ ᠲᠠᠯᠠᠪᠠᠢ ᠳᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠵᠡᠷᠭᠡ | ᠤᠳᠤᠷᠢᠳᠤᠯᠭ᠎ᠠ ᠠᠯᠪᠠᠨ ᠪᠠᠶᠢᠭᠤᠯᠭ᠎ᠠ ᠶᠢᠨ ᠺᠠᠳ᠋ᠷ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ ᠪᠠ | ᠰᠤᠷᠤᠭᠴᠢᠳ ᠲᠠᠢ ᠬᠠᠮᠲᠤ ᠬᠦᠷᠵᠡ ᠠᠳᠬᠤᠨ ᠨᠦᠬᠡ ᠮᠠᠯᠳᠠᠵᠦ᠂ ᠮᠤᠲᠤ ᠵᠠᠶᠢᠯᠠᠨ᠂ ᠤᠯᠢᠶᠠᠰᠤ᠂ ᠵᠢᠭᠠᠷᠳᠤ ᠮᠤᠲᠤ | ᠂ ᠪᠠᠲᠤ ᠴᠠᠭᠠᠨ ᠵᠡᠷᠭᠡ ᠮᠤᠲᠤ ᠶᠢ ᠲᠠᠷᠢᠪᠠ᠃ | ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠦᠷᠭᠡᠨ ᠤᠯᠠᠨ ᠺᠠᠳ᠋ᠷ ᠤᠯᠠᠨ ᠲᠦᠮᠡᠨ | ᠡᠷᠭᠡᠪᠰᠢ ᠶᠡᠷᠦᠩᠬᠡᠢ ᠱᠦᠵᠢ ᠰᠢ ᠶᠢᠨ ᠫᠢᠩ ᠤᠨ ᠡᠬᠡ ᠤᠯᠤᠰ ᠢᠶᠠᠨ ᠤᠢᠢᠵᠢᠭᠤᠯᠵᠦ ᠨᠤᠭᠤᠭᠠᠷᠠᠭᠤᠯᠬᠤ ᠳᠤ ᠠᠷᠠᠳ | ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠪᠠᠷᠢᠮᠳᠠᠯᠠᠵᠦ᠂ ᠤᠯᠤᠰ ᠤᠨ ᠭᠠᠵᠠᠷ ᠰᠢᠷᠤᠢ ᠶᠢ | ᠨᠤᠭᠤᠭᠠᠷᠠᠭᠤᠯᠬᠤ ᠠᠵᠢᠯᠯᠠᠭ᠎ᠠ ᠶᠢ ᠦᠷᠬᠡᠨ ᠢᠶᠠᠷ ᠦᠷᠨᠢᠬᠦᠯᠬᠦ ᠴᠢᠬᠤᠯᠠ ᠱᠠᠭᠠᠷᠳᠠᠯᠭ᠎ᠠ ᠶᠢᠨ ᠶᠤᠰᠤᠭᠠᠷ᠂ ᠠᠮᠢ | ᠠᠬᠤᠢ ᠶᠢᠨ ᠤᠢᠢᠯᠠᠭᠠᠭᠳᠠᠬᠤᠨ ᠢᠶᠠᠨ ᠴᠢᠩᠭᠠᠳᠬᠠᠵᠦ᠂ ᠤᠢ ᠰᠢᠭᠤᠢ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠬᠤ ᠭᠡᠷᠡᠭᠲᠡᠢ᠃ ᠤᠢᠢᠵᠢᠭᠤᠯᠵᠦ ᠨᠤᠭᠤᠭᠠᠷᠠᠭᠤᠯᠬᠤ ᠠᠵᠢᠯ ᠤᠨ | ᠲᠦᠯᠦᠪᠵᠢᠬᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠤᠢ ᠮᠤᠲᠤᠨ ᠤ ᠡᠳᠡᠭᠡᠷᠡᠯᠲᠡ ᠶᠢᠨ ᠨᠤᠷᠮ᠎ᠠ ᠶᠢ | ᠪᠠᠲᠤᠯᠠᠬᠤ ᠭᠡᠷᠡᠭᠲᠡᠢ᠃ ᠪᠦᠬᠦ ᠠᠷᠠᠳ ᠤᠨ ᠮᠤᠲᠤ ᠲᠠᠷᠢᠵᠦ ᠤᠢᠢᠵᠢᠭᠤᠯᠬᠤ ᠤᠬᠠᠮᠰᠠᠷ ᠢ ᠲᠡᠭᠡᠭᠰᠢᠯᠡᠬᠦᠯᠵᠦ᠂ ᠪᠦᠬᠦ | ᠨᠡᠶᠢᠬᠡᠮ ᠢᠶᠠᠷ ᠢᠶᠠᠨ ᠤᠷᠤᠯᠴᠠᠬᠤ ᠶᠢ ᠲᠠᠶᠢᠴᠢᠯᠠᠵᠦ᠂ ᠮᠤᠲᠤ ᠲᠠᠷᠢᠵᠦ ᠤᠢᠢᠵᠢᠭᠤᠯᠬᠤ ᠪᠠ ᠤᠷᠴᠢᠨ ᠲᠤᠭᠤᠷᠢᠨ ᠢ | ᠬᠠᠮᠠᠭᠠᠯᠠᠬᠤ ᠶᠢ ᠪᠦᠬᠦ ᠠᠷᠠᠳ ᠤᠨ ᠰᠠᠨᠠᠭᠠᠴᠢᠯᠠᠭᠠᠲᠤ ᠠᠵᠢᠯᠯᠠᠭ᠎ᠠ ᠪᠤᠯᠭᠠᠵᠦ᠂ ᠰᠢᠯᠢ ᠶᠢᠨ ᠭᠤᠤᠯ ᠠᠶᠢᠮᠠᠭ ᠤᠨ ᠠᠮᠢ | ᠠᠬᠤᠢ ᠶᠢᠨ ᠤᠷᠴᠢᠨ ᠲᠤᠭᠤᠷᠢᠨ ᠤ ᠠᠯᠳᠠᠷᠰᠢᠯ ᠢ ᠤᠯᠠᠮ ᠢᠶᠠᠷ ᠨᠡᠮᠡᠭᠳᠡᠬᠦᠯᠬᠦ ᠬᠡᠷᠡᠭᠲᠡᠢ ᠭᠡᠪᠡ᠃ | ᠲᠠᠪᠤᠨ ᠵᠢᠯ ᠤᠨ ᠲᠤᠷᠰᠢ᠂ ᠪᠦᠬᠦ ᠠᠶᠢᠮᠠᠭ ᠢᠶᠠᠷ ᠢᠶᠠᠨ ᠨᠡᠶᠢᠳᠡ 478 ᠲᠦᠮᠡᠨ ᠮᠤ᠋ ᠭᠠᠵᠠᠷ ᠢ ᠮᠤᠲᠤ ᠲᠠᠷᠢᠨ | ᠤᠢᠢᠵᠢᠭᠤᠯᠵᠦ᠂ ᠬᠤᠲᠠ ᠪᠠᠯᠭᠠᠰᠤ ᠶᠢᠨ 12.7 ᠲᠦᠮᠡᠨ ᠮᠤ᠋ ᠭᠠᠵᠠᠷ᠂ ᠭᠠᠴᠠᠭ᠎ᠠ ᠲᠤᠰᠬᠤᠨ ᠤ 3.5 ᠲᠦᠮᠡᠨ ᠮᠤ᠋ | ᠭᠠᠵᠠᠷ᠂ ᠵᠠᠰᠠᠮᠠᠯ ᠵᠠᠮ ᠲᠠᠭᠠᠤ ᠶᠢᠨ 861 ᠺᠢᠯᠤᠮᠧᠳ᠋ᠷ 16.6 ᠲᠦᠮᠡᠨ ᠮᠤ᠋ ᠭᠠᠵᠠᠷ᠂ ᠦᠢᠯᠡᠳᠪᠦᠷᠢ ᠠᠭᠤᠷᠬᠠᠢ | ᠬᠦᠷᠢᠶᠡᠯᠡᠩ ᠤᠨ 5.2 ᠲᠦᠮᠡᠨ ᠮᠤ᠋ ᠭᠠᠵᠠᠷ ᠢ ᠨᠤᠭᠤᠭᠠᠷᠠᠭᠤᠯᠵᠦ᠂ ᠰᠢᠯᠢ ᠶᠢᠨ ᠭᠤᠤᠯ ᠤᠨ ᠭᠤᠴᠢᠨ | ᠺᠢᠯᠤᠮᠧᠳ᠋ᠷ ᠤᠨ ᠠᠮᠢ ᠠᠬᠤᠢ ᠶᠢᠨ ᠦᠵᠡᠮᠵᠢ ᠶᠢᠨ ᠪᠦᠰᠡ᠂ ᠪᠤᠭᠳᠠ ᠠᠭᠤᠯᠠ ᠶᠢᠨ 30 ᠲᠦᠮᠡᠨ ᠮᠤ᠋ ᠶᠢᠨ | ᠤᠰᠤᠨ ᠤ ᠰᠤᠷᠪᠤᠯᠵᠢ ᠶᠢ ᠬᠠᠮᠠᠭᠠᠯᠠᠬᠤ ᠤᠢ᠂ ᠰᠢᠯᠢ ᠶᠢᠨ ᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ | ᠲᠦᠷᠭᠡᠨ ᠤ ᠵᠠᠮ ᠲᠠᠭᠠᠤ ᠶᠢᠨ ᠨᠤᠭᠤᠭᠠᠷᠠᠭᠤᠯᠤᠯᠲᠠ ᠶᠢᠨ ᠪᠦᠰᠡ ᠵᠡᠷᠭᠡ ᠠᠮᠢ ᠠᠬᠤᠢ ᠶᠢᠨ ᠢᠨᠵᠧᠨᠧᠷᠢᠩ ᠢ | ᠪᠦᠲᠦᠮᠵᠢᠲᠠᠢ ᠠᠬᠢᠭᠤᠯᠪᠠ᠃ |