ᠾᠦᠸᠧ ᠵᠤᠤ ᠯᠢᠶᠠᠩ ᠪᠦᠬᠦ ᠠᠶᠢᠮᠠᠭ ᠤᠨ ︽ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ︾ ᠎ ᠤ ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/27
    4 ᠰᠠᠷ᠎ᠠ ᠶᠢᠨ 20᠎ ᠠᠴᠠ 21᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠪᠦᠬᠦ ᠠᠶᠢᠮᠠᠭ ᠤᠨ ︽ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ︾᠎ ᠤ ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠦᠷᠢᠯᠡᠬᠦ᠂ ᠪᠤᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠵᠠᠢ᠃         ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠳᠡᠳ᠋ ᠳᠠᠷᠤᠭ᠎ᠠ ᠶᠠᠩ ᠸᠧᠨ ᠱᠧᠩ᠂ ᠠᠶᠢᠮᠠᠭ ᠤᠨ ᠳᠡᠳ᠋ ᠲᠠᠷᠤᠭ᠎ᠠ ᠾᠸᠦ ᡁᠢ ᠮᠢᠨ᠂ ᠡᠤ ᠴᠤᠭ ᠬᠤᠷᠠᠯ ᠳᠤ ᠤᠷᠤᠯᠴᠠᠪᠠ᠃ ᠠᠶᠢᠮᠠᠭ ᠤᠨ ᠶᠠᠳᠠᠭᠤ ᠶᠢ ᠳᠡᠳᠬᠦᠬᠦ ᠠᠯᠪᠠᠨ ᠬᠡᠷ᠂ ᠡᠳ᠋ ᠤᠨ ᠵᠠᠰᠠᠭ ᠤᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ ᠶᠢᠨ ᠬᠠᠷᠢᠭᠤᠴᠠᠯᠭᠠᠳᠠᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ 13 ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠤᠷᠳᠤᠨ ︵ᠬᠠᠮᠢᠶᠠᠷᠤᠯᠳᠠ ᠶᠢᠨ ᠵᠦᠪᠯᠡᠯ︶᠎ ᠤ ᠬᠠᠷᠢᠭᠤᠴᠠᠯᠭᠠᠳᠠᠨ ᠠᠵᠢᠯ ᠤᠨ ᠬᠠᠷᠢᠭᠤ ᠮᠡᠳᠡᠬᠦᠯᠦᠯᠲᠡ ᠬᠢᠪᠠ᠃         ᠬᠤᠷᠠᠯ ᠠᠴᠠ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠠᠶᠢᠷᠢᠯᠠᠭᠤᠯᠤᠯᠲᠠ ᠲᠡᠭᠡᠷ᠎ᠡ ᠨᠢᠬᠡᠳᠭᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠶᠠᠷᠢᠶᠠᠨ ᠤ ᠵᠤᠷᠢᠭ ᠰᠠᠨᠠᠭ᠎ᠠ ᠪᠠ ᠵᠢᠭᠠᠪᠤᠷᠢ ᠶᠢᠨ ᠱᠠᠭᠠᠷᠳᠠᠯᠭ᠎ᠠ ᠪᠠᠷ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠲᠡᠭᠡᠭᠰᠢᠯᠡᠬᠦᠯᠵᠦ᠂ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠲᠡᠭᠦᠰ ᠠᠮᠵᠢᠯᠲᠠ ᠶᠢ ᠤᠯᠬᠤ ᠭᠡᠷᠡᠭᠲᠡᠢ ᠬᠡᠪᠡ᠃         ᠬᠤᠷᠠᠯ ᠠᠴᠠ ᠴᠢᠬᠤᠯᠠᠴᠢᠯᠠᠬᠤ ᠳᠠᠭᠠᠨ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠠᠵᠢᠯ ᠢ ᠰᠠᠶᠢᠲᠤᠷ ᠠᠳᠬᠤᠵᠦ᠂ ᠦᠷᠢ ᠦᠭᠴᠡᠭᠡᠨ ᠤ ᠠᠵᠢᠯᠯᠠᠭ᠎ᠠ ᠶᠢ ᠴᠢᠩᠭ᠎ᠠ ᠲᠦᠷᠢᠮᠵᠢᠬᠦᠯᠵᠦ᠂ ᠴᠢᠬᠤᠯᠡ ᠶᠡᠭᠡ ᠲᠦᠭᠰᠢᠬᠦᠷᠢ ᠠᠴᠠ ᠰᠡᠷᠭᠡᠶᠢᠯᠡᠬᠦ ᠲᠠᠶᠢᠯᠠᠯᠳᠤᠭᠠᠨ ᠤ ᠢᠯᠡᠯᠲᠡ ᠶᠢ ᠤᠯᠬᠤ ᠭᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠨᠢᠭᠡᠳᠦᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ ᠠᠳᠬᠤᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠦ᠂ ᠲᠤᠪᠤᠶᠢᠮ᠎ᠠ ᠠᠰᠠᠭᠤᠳᠠᠯ ᠢ ᠵᠠᠰᠠᠨ ᠰᠠᠶᠢᠵᠢᠷᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠦᠷᠨᠢᠬᠦᠯᠵᠦ᠂ ᠲᠦᠪ ᠪᠠ ᠥᠪᠡᠷᠲᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠯᠳᠡ ᠶᠢᠨ ᠲᠤᠰᠬᠠᠬᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠦ᠂ ᠠᠮᠢ ᠠᠬᠤᠢ ᠤᠷᠴᠢᠨ ᠲᠤᠭᠤᠷᠢᠨ ᠤ ᠴᠢᠨᠠᠷᠵᠢᠯ ᠢ ᠦᠷᠬᠦᠯᠵᠢᠯᠠᠨ ᠰᠠᠶᠢᠵᠢᠷᠠᠭᠤᠯᠬᠤ ᠭᠡᠷᠡᠭᠲᠡᠢ ᠭᠡᠪᠡ᠃         ᠬᠤᠷᠠᠯ ᠠᠴᠠ ᠪᠠᠰᠠ ᠭᠠᠵᠠᠷ ᠰᠢᠷᠤᠢ ᠶᠢᠨ ᠱᠠᠭᠠᠷᠳᠠᠨ ᠪᠠᠶᠢᠴᠠᠭᠠᠯᠲᠠ ᠪᠠ ᠬᠢᠨᠠᠨ ᠪᠠᠶᠢᠴᠠᠭᠠᠯᠳᠡ ᠪᠠᠷ ᠲᠤᠰᠬᠠᠬᠰᠠᠠ ᠠᠰᠠᠭᠤᠳᠠᠯ ᠢ ᠵᠠᠰᠠᠨ ᠰᠠᠶᠢᠵᠢᠷᠠᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号