ᠡᠨᠡ ᠵᠢᠯ ᠮᠠᠨ ᠤ ᠠᠶᠢᠮᠠᠭ 10 ᠲᠦᠮᠡᠨ ᠠᠵᠢᠯ ᠤᠨ ᠪᠠᠶᠢᠷᠢ ᠴᠤᠭᠯᠠᠭᠤᠯᠵᠤ ᠬᠤᠳᠠ ᠪᠠᠯᠭᠠᠰᠤᠨ ᠤ 1.37 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠬᠤ ᠪᠤᠯᠤᠨ᠎ᠠ
ᠨᠡᠶᠢᠲᠡᠯᠡᠭᠰᠡᠨ ᠴᠠᠭ᠄
2018/4/27
    ᠠᠵᠢᠯ ᠤᠯᠭᠤᠯᠳᠠ ᠶᠢᠨ ᠦᠢᠯᠡᠰ ᠤᠯᠠᠨ ᠲᠦᠮᠡᠨ ᠤ ᠵᠤᠯ ᠵᠢᠷᠭᠠᠯ᠂ ᠨᠡᠶᠢᠭᠡᠮ ᠤᠨ ᠡᠶ᠎ᠡ ᠲᠤᠭᠳᠠᠭᠤᠨ᠂ ᠤᠯᠤᠰ ᠤᠨ ᠬᠦᠭᠵᠢᠯᠲᠡ ᠳᠤ ᠬᠤᠯᠪᠤᠭᠳᠠᠬᠤ ᠶᠤᠮ᠃ ᠡᠨᠡ ᠵᠢᠯ᠂ ᠮᠠᠨ ᠤ ᠠᠶᠢᠮᠠᠭ 10 ᠲᠦᠮᠡᠨ ᠠᠵᠢᠯ ᠤᠨ ᠪᠠᠶᠢᠷᠢ ᠴᠤᠭᠯᠠᠭᠤᠯᠵᠤ᠂ ᠬᠤᠳᠠ ᠪᠠᠯᠭᠠᠰᠤᠨ ᠤ 1.37 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠵᠤ᠂ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 3.6% ᠲᠤᠳᠤᠷ᠎ᠠ ᠬᠢᠵᠠᠭᠠᠷᠯᠠᠵᠤ᠂ 2850 ᠠᠵᠢᠯ ᠠᠯᠳᠠᠭᠰᠠᠨ ᠬᠦᠮᠦᠨ ᠳᠤ ᠲᠡᠬᠢᠨ ᠠᠵᠢᠯ ᠤᠯᠭᠤᠵᠤ᠂ 2900 ᠠᠵᠢᠯ ᠤᠯᠬᠤ ᠳᠤ ᠬᠦᠴᠢᠷᠲᠡᠯᠲᠡᠢ ᠬᠦᠮᠦᠨ ᠳᠤ ᠲᠡᠬᠢᠨ ᠠᠵᠢᠯ ᠤᠯᠭᠤᠵᠤ᠂ 2 ᠲᠦᠮᠡᠨ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ ᠢ ᠲᠤᠬᠠᠢ ᠶᠢᠨ ᠵᠢᠯ ᠳᠤ ᠠᠵᠢᠯ ᠤᠯᠭᠤᠨ ᠰᠢᠯᠵᠢᠬᠦᠯᠵᠤ᠂ 2.2 ᠲᠦᠮᠡᠨ ᠬᠦᠮᠦᠨ ᠳᠤ ᠮᠡᠷᠭᠡᠵᠢᠯ ᠤᠨ ᠪᠤᠯᠪᠠᠰᠤᠷᠠᠯ ᠬᠦᠷᠲᠡᠭᠡᠵᠤ᠂ 3000 ᠬᠦᠮᠦᠨ ᠳᠤ ᠦᠢᠯᠡᠰ ᠪᠦᠲᠦᠭᠡᠬᠦ ᠪᠤᠯᠪᠠᠰᠤᠷᠠᠯ ᠬᠦᠷᠲᠡᠭᠡᠵᠤ᠂ 2400 ᠬᠦᠮᠦᠨ ᠢ ᠪᠤᠯᠪᠠᠰᠤᠷᠠᠯ ᠬᠦᠷᠲᠡᠭᠰᠡᠨ ᠤ ᠲᠠᠷᠠᠭ᠎ᠠ ᠠᠮᠵᠢᠯᠳᠠᠳᠠᠢ ᠦᠢᠯᠡᠰ ᠪᠦᠲᠦᠭᠡᠯᠭᠡᠨ᠎ᠠ᠃         ᠡᠨᠡ ᠵᠢᠯ᠂ ᠮᠠᠨ ᠤ ᠠᠶᠢᠮᠠᠭ ᠤᠨᠢᠨ ᠲᠡᠭᠡᠷ᠎ᠠ ᠨᠢ ᠠᠵᠢᠯ ᠤᠯᠭᠤᠨ ᠬᠠᠪᠰᠤᠷᠤᠨ ᠲᠡᠳᠬᠦᠬᠦ ᠶᠢ ᠨᠠᠷᠢᠨ ᠬᠢᠨᠠᠮᠠᠭᠠᠢ ᠭᠡᠷᠡᠭᠵᠢᠬᠦᠯᠵᠤ᠂ ᠲᠡᠭᠡᠲᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ᠂ ᠠᠵᠢᠯ ᠤᠯᠬᠤ ᠳᠤ ᠬᠦᠴᠢᠷᠲᠡᠯᠲᠡᠢ ᠬᠦᠮᠦᠨ ᠪᠠ ︽ᠠᠵᠢᠯ ᠲᠠᠢ ᠬᠦᠮᠦᠨ ᠦᠭᠡᠢ︾ ᠭᠡᠷ ᠪᠦᠯᠢ ᠶᠢᠨ ᠪᠦᠷᠢᠯᠳᠦᠬᠦᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭᠠᠳᠤ ᠬᠦᠮᠦᠰ ᠤᠨ ᠠᠵᠢᠯ ᠤᠯᠭᠤᠯᠳᠠ ᠶᠢ ᠠᠬᠢᠭᠤᠯᠤᠨ᠎ᠠ᠃ ᠡᠬᠦᠨ ᠤ ᠬᠠᠮᠳᠤ ︽ᠦᠢᠯᠡᠰ ᠬᠦᠪᠦᠷᠡᠬᠦᠯᠬᠦ ᠰᠠᠭᠤᠷᠢᠨ ︵ᠲᠤᠭᠤᠷᠢᠭ︶ + ᠦᠢᠯᠡᠰ ᠪᠦᠲᠦᠭᠡᠬᠦ ᠲᠦᠷᠦᠯ ᠵᠦᠢᠯ + ᠦᠢᠯᠡᠰ ᠪᠦᠲᠦᠭᠡᠬᠦ ᠪᠤᠯᠪᠠᠰᠤᠷᠠᠯ + ᠦᠢᠯᠡᠰ ᠪᠦᠲᠦᠭᠡᠬᠦ ᠪᠠᠳᠤᠯᠠᠭᠠᠳᠤ ᠵᠢᠭᠡᠯᠡᠯᠭᠡ + ᠡᠯᠧᠺᠳ᠋ᠷᠤᠨ ᠬᠤᠳᠠᠯᠳᠤᠭᠠᠨ ᠤ ᠶᠠᠪᠤᠳᠠᠯ + ᠤᠯᠠᠨ ᠢᠶᠠᠷ ᠢᠶᠠᠨ ᠦᠢᠯᠡᠰ ᠪᠦᠲᠦᠭᠡᠬᠦ ᠤᠷᠤᠨ + ᠲᠦᠷᠦᠯ ᠵᠦᠢᠯ ᠤᠨ ᠲᠡᠯᠭᠡᠨ ᠦᠵᠡᠬᠦᠯᠦᠯᠭᠡ + ᠭᠠᠶᠢᠯᠢ ᠰᠦᠢᠳᠭᠡᠯ ᠢ ᠭᠡᠯᠲᠦᠷᠢᠬᠦᠯᠬᠦ + ᠮᠦᠷᠲᠡᠨ ᠨᠡᠭᠡᠮᠵᠢᠯᠡᠬᠦ ᠦᠢᠯᠡᠴᠢᠯᠡᠭᠡ︾ ᠬᠡᠬᠦ ᠶᠢᠰᠦ ᠶᠢ ᠨᠢᠭᠡ ᠴᠤᠭᠴᠠᠵᠢᠭᠤᠯᠤᠭᠰᠠᠨ ᠦᠢᠯᠡᠰ ᠪᠦᠲᠦᠭᠡᠬᠦ ᠶᠢ ᠠᠬᠢᠭᠤᠯᠬᠤ ᠭᠡᠪ ᠵᠠᠭᠪᠤᠷ ᠢ ᠭᠡᠷᠡᠭᠵᠢᠬᠦᠯᠵᠤ᠂ ᠲᠡᠭᠡᠲᠦ ᠰᠤᠷᠭᠠᠭᠤᠯᠢ ᠠᠴᠠ ᠲᠡᠬᠦᠰᠦᠭᠰᠡᠨ ᠰᠤᠷᠤᠭᠴᠢᠳ ᠤᠨ ᠠᠵᠢᠯ ᠤᠯᠭᠤᠨ ᠦᠢᠯᠡᠰ ᠪᠦᠲᠦᠭᠡᠬᠦ ᠶᠢ ᠴᠢᠷᠮᠠᠶᠢᠨ ᠠᠬᠢᠭᠤᠯᠬᠤ ᠪᠠᠷ ᠪᠠᠶᠢᠨ᠎ᠠ᠃         ᠦᠢᠷ᠎ᠠ ᠶᠢᠨ ᠵᠢᠯ ᠳᠤ᠂ ᠦᠢᠯᠡᠰ ᠬᠦᠪᠦᠷᠡᠬᠦᠯᠬᠦ ᠰᠠᠭᠤᠷᠢᠨ ᠨᠢᠭᠡᠨᠲᠡ ︽ᠲᠤᠭᠳᠠᠭᠤᠨ ᠢᠶᠠᠷ ᠠᠵᠢᠯ ᠤᠯᠭᠤᠵᠤ᠂ ᠦᠢᠯᠡᠰ ᠪᠦᠲᠦᠭᠡᠬᠦ ᠶᠢ ᠠᠬᠢᠭᠤᠯᠬᠤ︾ ᠭᠤᠤᠯ ᠰᠠᠭᠤᠷᠢᠨ ᠪᠤᠯᠵᠤ᠂ ᠦᠢᠯᠡᠰ ᠪᠦᠲᠦᠭᠡᠬᠦ ᠭᠤᠤᠯ ᠴᠤᠭᠴᠠ ᠶᠢ ᠲᠠᠰᠤᠷᠠᠯᠳᠠ ᠦᠭᠡᠢ ᠬᠦᠪᠦᠷᠡᠬᠦᠯᠦᠨ ᠪᠤᠶᠢᠵᠢᠭᠤᠯᠬᠤ ᠦᠢᠯᠡᠳᠦᠯ ᠴᠢᠳᠠᠪᠬᠢ ᠲᠠᠢ ᠠᠴᠢᠶᠠᠯᠠᠭᠴᠢ ᠪᠤᠯᠵᠠᠢ᠃ ᠡᠨᠡ ᠵᠢᠯ ᠳᠤ᠂ ᠮᠠᠨ ᠤ ᠠᠶᠢᠮᠠᠭ ᠡᠯ᠎ᠡ ᠬᠤᠰᠢᠭᠤ ᠰᠢᠶᠠᠨ ᠤ ᠦᠢᠯᠡᠰ ᠪᠦᠲᠦᠭᠡᠬᠦ ᠲᠤᠭᠤᠷᠢᠭ ᠤᠨ ᠪᠦᠲᠦᠭᠡᠨ ᠪᠠᠶᠢᠭᠤᠯᠤᠯᠳᠠ ᠡᠵᠡᠩᠨᠡᠯᠲᠡ ᠶᠢᠨ ᠦᠷ᠎ᠠ ᠪᠦᠲᠦᠭᠡᠯ ᠢ ᠪᠠᠳᠤᠳᠬᠠᠭᠰᠠᠨ ᠰᠠᠭᠤᠷᠢᠨ ᠲᠡᠭᠡᠷ᠎ᠠ 2᠎ ᠠᠴᠠ 3 ᠭᠠᠵᠠᠷ ᠤᠷᠤᠨ ᠤ ᠲᠠᠪᠠᠭᠤᠯᠢᠭ ᠠᠵᠤ ᠦᠢᠯᠡᠰ ᠲᠠᠢ ᠲᠤᠬᠢᠷᠠᠯᠴᠠᠭᠰᠠᠨ ᠵᠢᠱᠢᠶ᠎ᠠ ᠦᠵᠡᠬᠦᠯᠬᠦ ᠦᠢᠯᠡᠰ ᠪᠦᠲᠦᠭᠡᠬᠦ ᠲᠤᠭᠤᠷᠢᠭ ᠢ ᠪᠠᠶᠢᠭᠤᠯᠵᠤ᠂ ᠵᠢᠱᠢᠶᠠᠴᠢ ᠲᠠᠭᠠᠭᠤᠯᠤᠭᠴᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号