ᠾᠦᠸᠧ ᠵᠤᠤ ᠯᠢᠶᠠᠩ ᠪᠦᠬᠦ ᠠᠶᠢᠮᠠᠭ ᠤᠨ ᠳᠦᠷᠦᠬᠦᠦ ᠤᠯᠠᠷᠢᠯ ᠤᠨ ᠠᠵᠦ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/27
    4 ᠰᠠᠷ᠎ᠠ ᠶᠢᠨ 24᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠪᠦᠬᠦ ᠠᠶᠢᠮᠠᠭ ᠤᠨ ᠳᠦᠷᠤᠬᠦᠦ ᠤᠯᠠᠷᠢᠯ ᠤᠨ ᠠᠵᠦ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠳᠦᠷᠦᠭᠦᠦ ᠤᠯᠠᠷᠢᠯ ᠤᠨ ᠠᠵᠦ ᠠᠬᠤᠢ ᠶᠢᠨ ᠪᠠᠶᠢᠳᠠᠯ ᠳᠤ ᠵᠠᠳᠠᠯᠤᠯᠳᠠ ᠬᠢᠵᠦ᠂ ᠲᠠᠷᠠᠭᠠᠴᠢ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃       ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠤᠤ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠳᠡᠳ᠋ ᠳᠠᠷᠤᠭ᠎ᠠ ᠶᠠᠩ ᠸᠧᠨ ᠱᠧᠩ᠂ ᠠᠶᠢᠮᠠᠭ ᠤᠨ ᠳᠡᠳ᠋ ᠳᠠᠷᠤᠭ᠎ᠠ ᠾᠸᠦ ᡁᠢ ᠮᠢᠨ᠂ ᠡᠤ ᠴᠤᠭ᠂ ᠮᠧᠩ ᠵᠤᠤ ᠵᠢᠶᠦ᠋ᠨ᠂ ᠵᠠᠩ ᠽᠢ ᠵᠢᠶᠦ᠋ᠨ᠂ ᠰᠠᠷᠠᠨᠴᠢᠮᠡᠭ ᠬᠤᠷᠠᠯ ᠳᠤ ᠤᠷᠤᠯᠴᠠᠪᠠ᠃       ᠬᠤᠷᠠᠯ ᠠᠴᠠ ᠵᠢᠭᠠᠬᠤ ᠳᠠᠭᠠᠨ᠂ ᠡᠯ᠎ᠠ ᠱᠠᠲᠤ ᠡᠯ᠎ᠠ ᠰᠠᠯᠠᠭ᠎ᠠ ᠮᠥᠴᠢᠷ ᠡᠷᠭᠡᠪᠰᠢ ᠤᠳᠤᠬᠠᠨ ᠤ ᠠᠵᠦ ᠠᠬᠤᠢ ᠶᠢᠨ ᠪᠠᠶᠢᠳᠠᠯ ᠢ ᠤᠨᠤᠪᠴᠢᠲᠠᠢ ᠮᠠᠭᠠᠳᠯᠠᠵᠦ᠂ ᠡᠯ᠎ᠠ ᠵᠦᠢᠯ ᠤᠨ ᠠᠵᠢᠯ ᠢ ᠯᠠᠪᠳᠠᠭᠤᠨ ᠠᠬᠢᠭᠤᠯᠵᠦ᠂ ᠪᠦᠬᠦ ᠵᠢᠯ ᠤᠨ ᠡᠬᠦᠷᠭᠡ ᠬᠠᠷᠠᠯᠳᠠ ᠪᠠᠨ ᠪᠡᠶᠡᠯᠡᠬᠦᠯᠬᠦ ᠳᠤ ᠰᠠᠶᠢᠨ ᠰᠠᠭᠤᠷᠢ ᠲᠠᠯᠪᠢᠬᠤ ᠭᠡᠷᠡᠭᠲᠡᠢ᠃ ︽ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ︾᠎ ᠤ ᠢᠯᠡᠯᠲᠡ ᠶᠢ ᠤᠯᠬᠤ ᠪᠠᠷ ᠴᠢᠬᠤᠯᠡ ᠶᠡᠭᠡ ᠤᠯᠤᠰ ᠲᠦᠷᠦ ᠶᠢᠨ ᠡᠬᠦᠷᠭᠡ ᠪᠤᠯᠭᠠᠵᠦ᠂ ᠬᠦᠴᠦᠨ ᠢᠶᠠᠨ ᠲᠦᠪᠯᠡᠷᠡᠬᠦᠯᠦᠨ ᠪᠤᠭᠤᠮᠳᠠ ᠰᠢᠪᠲᠤᠯᠵᠦ᠂ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠬᠡᠷᠡᠭᠲᠡᠢ᠃ ᠬᠠᠪᠤᠷ ᠤᠨ ᠤᠯᠠᠷᠢᠯ ᠤᠨ ᠮᠠᠯᠵᠢᠬᠤ ᠲᠠᠷᠢᠶᠠᠯᠠᠬᠤ ᠦᠢᠯᠡᠳᠪᠦᠷᠢᠯᠡᠯ ᠢ ᠰᠠᠶᠢᠲᠤᠷ ᠠᠳᠬᠤᠵᠦ ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠪᠠ ᠤᠷᠤᠯᠭ᠎ᠠ ᠶᠢᠨ ᠨᠡᠮᠡᠭᠳᠡᠯ ᠢ ᠦᠷᠬᠦᠯᠵᠢᠯᠡᠨ ᠠᠬᠢᠭᠤᠯᠬᠤ ᠭᠡᠷᠡᠭᠲᠡᠢ᠃ ᠭᠠᠶᠢᠯᠢ ᠶᠢᠨ ᠤᠷᠤᠯᠭ᠎ᠠ ᠪᠠ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠳ᠋ ᠤᠨ ᠵᠠᠰᠠᠭ ᠤᠨ ᠪᠡᠯᠡ ᠮᠦᠩᠬᠦ ᠶᠢᠨ ᠲᠦᠷᠢᠮᠵᠢᠭᠰᠡᠨ ᠡᠷᠬᠢᠯᠲᠡ ᠶᠢ ᠪᠠᠲᠤᠯᠠᠬᠤ ᠭᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠠ ᠱᠠᠲᠤ ᠡᠯ᠎ᠠ ᠰᠠᠯᠠᠭ᠎ᠠ ᠮᠥᠴᠢᠷ ᠲᠦᠪ ᠪᠠ ᠥᠪᠡᠷᠲᠡᠭᠡᠨ ᠵᠠᠰᠠᠬᠤ ᠤᠷᠤᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠪᠡᠲᠤ ᠡᠵᠡᠮᠳᠡᠵᠦ᠂ ᠰᠤᠷᠤᠯᠴᠠᠯᠭ᠎ᠠ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠦ᠂ ᠲᠦᠷᠤ ᠶᠢᠨ ᠪᠤᠳᠤᠯᠭ᠎ᠠ ᠶᠢ ᠤᠨᠤᠪᠴᠢᠲᠠᠢ ᠡᠵᠡᠮᠳᠡᠵᠦ᠂ ᠡᠯ᠎ᠠ ᠵᠦᠢᠯ ᠤᠨ ᠭᠤᠤᠯᠳᠠᠯᠭᠠᠲᠤ ᠠᠵᠢᠯ ᠢ ᠨᠢᠬᠡᠳᠦᠯᠲᠡᠢ ᠲᠦᠯᠦᠪᠵᠢᠬᠦᠯᠤᠨ ᠪᠦᠬᠦ ᠲᠠᠯ᠎ᠠ ᠪᠠᠷ ᠠᠬᠢᠭᠤᠯᠵᠦ᠂ ᠲᠦᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠡ ᠪᠠ ᠵᠠᠬᠢᠷᠭ᠎ᠠ ᠶᠢᠨ ᠡᠯ᠎ᠠ ᠵᠦᠢᠯ ᠤᠨ ᠰᠢᠢᠳᠪᠦᠷᠢᠳᠤ ᠪᠠᠶᠢᠷᠢᠯᠠᠭᠤᠯᠤᠯᠲᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号