ᠰᠢᠯᠢ ᠶᠢᠨ ᠬᠤᠳᠠ 42 ᠲᠦᠮᠡᠨ ᠲᠦᠯ ᠲᠤᠰᠴᠤ 99.9%᠎ ᠪᠠᠷ ᠪᠤᠶᠢᠵᠢᠭᠤᠯᠬᠤ ᠪᠠᠶᠢᠨ᠎ᠠ
ᠨᠡᠶᠢᠲᠡᠯᠡᠭᠰᠡᠨ ᠴᠠᠭ᠄
2018/4/4
    ᠤᠷᠴᠢᠮᠬᠠᠨ ᠰᠤᠷᠪᠤᠯᠵᠢᠯᠠᠭᠴᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠲᠦᠯ ᠮᠠᠯ ᠤᠨ ᠤᠨᠳᠤᠷᠤᠯᠭ᠎ᠠ ᠶᠢᠨ ᠪᠠᠶᠢᠳᠠᠯ ᠢ ᠤᠢᠢᠯᠠᠭᠠᠬᠤ ᠪᠠᠷ ᠰᠢᠯᠢ ᠶᠢᠨ ᠬᠤᠳᠠ ᠶᠢᠨ ᠭᠡᠰᠡᠭ ᠮᠠᠯᠴᠢᠨ ᠠᠶᠢᠯ ᠢᠶᠠᠷ ᠬᠦᠷᠬᠦ ᠳᠤ᠂ ᠠᠶᠢᠯ ᠪᠤᠯᠭᠠᠨ ᠲᠦᠯ ᠢᠶᠠᠨ ᠳᠤᠰᠤᠭᠠᠳ ᠶᠠᠭᠠᠷᠠᠵᠦ ᠪᠠᠶᠢᠪᠠ᠃         ᠦᠷᠭᠡᠨᠮᠦ᠋ᠷᠡᠨ᠂ ᠪᠤᠷᠮ᠎ᠠ ᠬᠤᠶᠠᠷ ᠪᠣᠯ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠶᠢᠨ ᠬᠤᠩᠬᠤᠷ ᠱᠠᠤᠲᠦ ᠬᠤᠪᠢᠶᠠᠷᠢ ᠲᠠᠯᠠᠪᠠᠢ ᠶᠢᠨ ᠰᠢᠨᠡᠬᠡᠨ ᠠᠶᠢᠯ ᠪᠤᠯᠵᠦ ᠪᠠᠶᠢᠭ᠎ᠠ ᠵᠠᠯᠠᠭᠤ ᠮᠠᠯᠴᠢᠨ᠃ ᠡᠳᠡᠨᠡᠶᠢᠬᠢᠨ ᠵᠠᠭᠤᠭᠠᠳ ᠬᠤᠷᠠᠭ᠎ᠠ ᠳᠤᠰᠤᠭᠠᠳ᠂ ᠲᠦᠯ ᠳᠤᠰᠬᠤ ᠠᠵᠢᠯ ᠢᠶᠠᠨ ᠠᠶᠠᠳᠠᠭᠤᠯᠴᠢᠬᠠᠬᠰᠡᠨ ᠶᠤᠮ ᠪᠠᠶᠢᠨ᠎ᠠ᠃ ᠦᠩᠭᠡᠷᠡᠬᠦ ᠡᠪᠦᠯ ᠮᠠᠯ ᠢᠶᠠᠨ ᠡᠷᠳᠡ ᠠᠴᠠ ᠲᠡᠵᠢᠭᠡᠵᠦ ᠪᠤᠷᠳᠤᠨ᠂ ᠨᠢᠮᠪᠠᠢ ᠠᠷᠠᠴᠢᠯᠠᠨ ᠨᠠᠷᠢᠨ ᠳᠤᠳᠤᠮᠳᠠᠬᠰᠡᠨ ᠢᠶᠠᠷ ᠮᠠᠯ ᠤᠨ ᠤᠨᠳᠤᠷᠤᠯᠳᠠ ᠪᠠ ᠲᠦᠯ ᠤᠨ ᠪᠤᠶᠢᠵᠢᠯᠳᠠ ᠨᠢ ᠪᠦᠷ ᠰᠠᠶᠢᠨ ᠪᠠᠶᠢᠵᠦ᠂ ᠬᠤᠶᠠᠷ ᠵᠠᠯᠠᠭᠤ ᠶᠢᠨ ᠴᠢᠷᠠᠢ ᠳᠡᠭᠡᠷ᠎ᠠ ᠪᠠᠶᠠᠷ ᠤᠨ ᠢᠨᠢᠶᠡᠳᠦ ᠲᠤᠳᠤᠷᠠᠨ᠎ᠠ᠃         ᠪᠤᠯᠠᠭᠠᠨ ᠰᠤᠮᠤᠨ ᠤ ᠪᠠᠶᠠᠨᠨᠠᠭᠤᠷ ᠭᠠᠴᠠᠭᠠᠨ ᠤ ᠮᠠᠯᠴᠢᠨ ᠴᠤᠬᠳᠦ ᠶᠢᠨ ᠳᠤ ᠬᠦᠷᠬᠦ ᠳᠤ᠂ ᠲᠡᠳᠡᠨ ᠤ ᠲᠦᠯ ᠨᠢ ᠬᠠᠭᠠᠰᠯᠠᠵᠦ᠂ ᠬᠤᠷᠤᠭᠠᠨ ᠳᠠᠭᠠᠨ ᠮᠠᠯ ᠢᠶᠠᠨ ᠲᠡᠵᠢᠭᠡᠭᠡᠳ ᠶᠠᠭᠠᠷᠠᠵᠦ ᠪᠠᠶᠢᠯ᠎ᠠ᠃ ᠲᠦᠯ ᠮᠠᠯ ᠤᠨ ᠬᠢᠨᠢ ᠳᠤᠬᠠᠢ ᠤᠶᠢᠯᠠᠭᠠᠬᠤ ᠳᠤ ᠴᠤᠬᠳᠦ᠄ ︽ᠨᠢᠳᠤᠨᠤᠨ ᠵᠤᠨ ᠭᠠᠩ ᠲᠠᠢ ᠪᠤᠯᠬᠤᠷ ᠪᠡᠯᠴᠢᠭᠡᠷ ᠤᠨ ᠤᠷᠭᠤᠴᠠ ᠠᠨᠠᠢ᠂ ᠡᠶᠢᠮᠦ ᠠᠴᠠ ᠮᠠᠨ ᠤ ᠦᠩᠭᠡᠷᠡᠬᠦ ᠡᠪᠦᠯ ᠬᠤᠷᠢᠭᠠᠳ ᠲᠤᠨ ᠡᠪᠡᠰᠦ᠂ ᠳᠡᠭᠡᠷ᠎ᠠ ᠨᠢ ᠪᠠᠰᠠ ᠪᠤᠷᠳᠤᠭ᠎ᠠ ᠨᠡᠮᠡᠵᠦ ᠠᠪᠤᠭᠠᠳ᠂ ᠮᠠᠯ ᠢᠶᠠᠨ ᠡᠪᠦᠯᠵᠢᠨ ᠪᠤᠷᠳᠤᠵᠦ ᠲᠡᠵᠢᠭᠡᠭᠰᠡᠨ ᠪᠤᠯᠬᠤᠷ ᠲᠦᠯ ᠮᠠᠯ ᠪᠦᠷ ᠰᠠᠶᠢᠨ ᠪᠠᠶᠢᠨ᠎ᠠ︾ ᠭᠡᠵᠦ ᠪᠠᠶᠢᠳᠠᠯ ᠢᠶᠠᠨ ᠲᠠᠨᠢᠯᠴᠠᠭᠤᠯᠤᠯ᠎ᠠ᠃ ᠬᠤᠷᠤᠭᠠᠨ ᠳᠤ ᠲᠤᠬᠯᠠᠯᠳᠤᠬᠤ ᠲᠤᠷᠨᠢᠭᠤᠨ ᠬᠤᠷᠠᠭ᠎ᠠ ᠪᠠ ᠳᠠᠷᠭᠤ ᠬᠦᠴᠦ ᠪᠠᠨ ᠠᠯᠳᠠᠭ᠎ᠠ ᠦᠭᠡᠢ ᠬᠤᠨᠢᠳ ᠢ ᠬᠠᠷᠠᠬᠤ ᠳᠤ ᠡᠳᠡᠨ ᠤ ᠵᠠᠷᠤᠴᠠᠭᠤᠯᠤᠬᠰᠡᠨ ᠬᠦᠯᠦᠰᠦ ᠬᠦᠳᠡᠯᠮᠦᠷᠢ ᠪᠠᠭ᠎ᠠ ᠪᠤᠰᠤ ᠭᠡᠳᠡᠭ ᠨᠢ ᠭᠠᠳᠠᠷᠯᠠᠬᠳᠠᠨ᠎ᠠ᠃         ᠤᠷᠴᠢᠮ ᠤᠨ ᠵᠢᠯ ᠠᠴᠠ ᠰᠢᠯᠢ ᠶᠢᠨ ᠬᠤᠳᠠ ︽ᠬᠤᠨᠢ ᠶᠢ ᠴᠦᠬᠡᠳᠭᠡᠵᠦ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠤᠰᠤᠭᠠᠷ᠂ ᠮᠠᠯ ᠰᠦᠷᠦᠭ ᠤᠨ ᠪᠦᠳᠦᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠮᠠᠯᠴᠢᠳ ᠢ ᠵᠢᠯᠤᠭᠤᠳᠤᠨ ᠦᠢᠯᠡᠳᠪᠦᠷᠢᠯᠡᠯ ᠡᠵᠡᠩᠨᠡᠯᠳᠠ ᠶᠢᠨ ᠠᠷᠭ᠎ᠠ ᠬᠡᠯᠪᠡᠷᠢ ᠶᠢ ᠨᠢ ᠬᠤᠪᠢᠷᠠᠭᠤᠯᠤᠨ᠂ ᠮᠠᠯ ᠤᠨ ᠲᠤᠭ᠎ᠠ ᠲᠤᠯᠤᠭᠠᠢ ᠶᠢ ᠬᠢᠵᠠᠭᠠᠷᠯᠠᠨ᠂ ᠦᠷ᠎ᠠ ᠠᠰᠢᠭ ᠢ ᠳᠡᠭᠡᠭᠰᠢᠯᠡᠭᠦᠯᠬᠦ ᠰᠡᠳᠬᠢᠴᠠ ᠪᠠᠷ ᠠᠵᠢᠯᠯᠠᠵᠦ᠂ ᠫᠸᠡᠭ ᠬᠤᠷᠤᠭ᠎ᠠ᠂ ᠬᠤᠳᠳᠤᠭ ᠤᠰᠤ ᠵᠡᠷᠭᠡ ᠰᠠᠭᠤᠷᠢ ᠲᠦᠬᠦᠭᠡᠷᠦᠮᠵᠢ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠭᠦᠯᠦᠭᠰᠡᠨ ᠢᠶᠠᠷ ᠮᠠᠯᠴᠢᠳ ᠡᠷᠳᠡ ᠶᠢᠨ ᠲᠦᠯ ᠲᠤᠰᠴᠦ᠂ ᠲᠦᠯ ᠮᠠᠯ ᠢᠶᠠᠨ ᠮᠡᠨᠳᠦ ᠤᠨᠳᠤᠷᠤᠭᠤᠯᠬᠤ ᠳᠤᠨᠢ ᠰᠠᠶᠢᠨ ᠨᠦᠬᠦᠴᠡᠯ ᠪᠦᠷᠢᠯᠳᠦᠭᠦᠯᠵᠦ ᠦᠭᠴᠡᠢ᠃ 3 ᠰᠠᠷ᠎ᠠ ᠶᠢᠨ 28᠎ ᠤ ᠡᠳᠦᠷ ᠪᠤᠯᠳᠠᠯᠠᠬᠢ ᠪᠦᠷᠢᠳᠭᠡᠯ ᠢ ᠦᠨᠳᠦᠰᠦᠯᠡᠪᠡᠯ᠂ ᠪᠦᠬᠦ ᠬᠤᠳᠠ ᠪᠠᠷ ᠢᠶᠠᠨ ᠨᠡᠶᠢᠳᠠ 42 ᠲᠦᠮᠡᠨ ᠲᠦᠯ ᠲᠤᠰᠴᠦ᠂ ᠡᠭᠦᠨ ᠤ ᠲᠤᠳᠤᠷ᠎ᠠ᠂ ᠪᠤᠳᠠ ᠮᠠᠯ ᠤᠨ ᠲᠦᠯ 2.5 ᠲᠦᠮᠡ᠂ ᠪᠤᠭ ᠮᠠᠯ ᠤᠨ ᠲᠦᠯ 39.5 ᠲᠦᠮᠡ ᠬᠦᠷᠴᠦ᠂ 99.9%᠎ ᠪᠠᠷ ᠪᠤᠶᠢᠵᠢᠭᠤᠯᠵᠦ ᠪᠠᠶᠢᠨ᠎ᠠ᠃ ᠨᠢᠳᠤᠨᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ ᠪᠤᠭ ᠮᠠᠯ ᠤᠨ ᠲᠦᠯ ᠬᠠᠰᠤᠬᠳᠠᠵᠦ᠂ ᠪᠤᠳᠠ ᠮᠠᠯ ᠤᠨ ᠲᠦᠯ ᠨᠡᠮᠡᠭᠳᠡᠭᠰᠡᠨ ᠬᠠᠨᠳᠤᠰᠢ ᠢᠯᠡᠷᠡᠵᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号