ᠰᠢᠯᠤᠭᠤᠨ ᠬᠦᠪᠡᠭᠡᠲᠦ ᠴᠠᠭᠠᠨ ᠬᠤᠰᠢᠭᠤᠨ ᠤ 4 ᠮᠠᠯᠵᠢᠬᠤ ᠰᠤᠮᠤ ᠪᠠᠯᠭᠠᠰᠤᠨ ᠤ 38 ᠭᠠᠴᠠᠭ᠎ᠠ ᠪᠡᠯᠴᠢᠭᠡᠷ ᠰᠡᠷᠬᠦᠭᠡᠬᠦ ᠠᠵᠢᠯ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2018/4/8
    ᠰᠢᠯᠤᠭᠤᠨ ᠬᠦᠪᠡᠭᠡᠳᠤ ᠴᠠᠭᠠᠨ ᠬᠤᠰᠢᠭᠤ ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠡᠬᠦ ᠠᠵᠢᠯ ᠢ ᠰᠢᠨ᠎ᠡ ᠨᠢᠭᠡᠨ ᠡᠬᠡᠯᠵᠢ ᠶᠢᠨ ᠨᠤᠲᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠡ ᠶᠢᠨ ᠨᠦᠬᠦᠪᠤᠷᠢ ᠱᠠᠩᠨᠠᠯ ᠤᠨ ᠲᠦᠷᠤ ᠶᠢᠨ ᠪᠤᠳᠤᠯᠭ᠎ᠠ ᠲᠠᠢ ᠤᠶᠠᠯᠳᠤᠭᠤᠯᠤᠨ 4 ᠰᠠᠷ᠎ᠠ ᠶᠢᠨ 1᠎ ᠤ ᠡᠳᠦᠷ — 5 ᠰᠠᠷ᠎ᠠ ᠶᠢᠨ 1᠎ ᠤ ᠡᠳᠦᠷ ᠪᠤᠯᠳᠠᠯ᠎ᠠ᠂ ᠪᠦᠬᠦ ᠬᠤᠰᠢᠭᠤᠨ ᠤ 4 ᠮᠠᠯᠵᠢᠬᠤ ᠰᠤᠮᠤ ᠪᠠᠯᠭᠠᠰᠤᠨ ᠳᠤ ᠪᠡᠯᠴᠢᠭᠡᠷ ᠰᠡᠷᠭᠦᠭᠡᠬᠦ ᠶᠢ ᠭᠡᠷᠡᠭᠵᠢᠬᠦᠯᠬᠦ ᠪᠠᠷ ᠪᠤᠯᠵᠦ᠂ ᠡᠯ᠎ᠡ ᠵᠦᠢᠯ ᠤᠨ ᠪᠡᠯᠡᠳᠭᠡᠯ ᠠᠵᠢᠯ ᠢ ᠠᠯᠬᠤᠮ ᠲᠠᠷᠠᠭ᠎ᠠ ᠲᠠᠢ ᠶᠠᠪᠤᠬᠳᠠᠭᠤᠯᠤᠬᠰᠠᠨ ᠰᠠᠭᠤᠷᠢᠨ ᠳᠡᠭᠡᠷ᠎ᠠ ᠪᠡᠯᠴᠢᠭᠡᠷ ᠰᠡᠷᠭᠦᠭᠡᠬᠦ ᠠᠵᠢᠯ ᠢᠶᠠᠨ ᠳᠤᠬᠳᠠᠬᠰᠠᠨ ᠴᠠᠭ ᠲᠤ ᠡᠬᠢᠯᠡᠭᠦᠯᠪᠡ᠃         ᠸᠧᠨ ᠱᠧᠩ ᠪᠤᠯ ᠤᠯᠠᠭᠠᠨᠴᠠᠪ ᠰᠤᠮᠤᠨ ᠤ ᠬᠤᠶᠠᠷᠬᠤᠳᠳᠤᠭ ᠭᠠᠴᠠᠭᠠᠨ ᠤ ᠮᠠᠯᠴᠢᠨ᠃ ᠡᠳᠡᠨᠡᠶᠢᠬᠢᠨ ᠨᠢᠳᠤᠨᠤᠨ ᠵᠢᠯ ᠬᠤᠷᠢᠭᠠᠳ ᠦᠭᠡᠷ᠂ 200 ᠭᠠᠷᠤᠢ ᠬᠤᠨᠢ ᠪᠠᠨ ᠡᠪᠤᠯᠵᠢᠬᠦᠯᠬᠦ ᠪᠠᠷ 5 ᠲᠦᠮᠡᠨ ᠵᠢᠩ ᠬᠦᠭᠡ ᠡᠪᠡᠰᠤ ᠨᠦᠬᠡᠴᠡᠯᠡᠵᠠᠢ᠃ ᠬᠠᠪᠤᠷ ᠤᠨ ᠤᠯᠠᠷᠢᠯ ᠳᠤ ᠪᠡᠯᠴᠢᠭᠡᠷ ᠰᠡᠷᠬᠦᠬᠡᠬᠦ ᠴᠢᠮᠡᠭᠡ ᠪᠠᠷ ᠸᠧᠨ ᠱᠧᠩ ᠲᠠᠬᠢᠨ 30 ᠲᠤᠨ ᠨᠤᠭᠤᠭᠠᠨ ᠲᠠᠷᠤᠰᠢ᠂ 2 ᠲᠦᠮᠡᠨ ᠵᠢᠩ ᠪᠤᠷᠳᠤᠭ᠎ᠠ ᠬᠤᠳᠠᠯᠳᠤᠨ ᠠᠪᠴᠤ ᠬᠠᠪᠤᠷ ᠤᠨ ᠤᠯᠠᠷᠢᠯ ᠤᠨ ᠪᠡᠯᠴᠢᠬᠡᠷ ᠰᠡᠷᠭᠦᠭᠡᠬᠦ ᠳᠤ ᠪᠦᠷᠢᠨ ᠪᠡᠯᠡᠳᠭᠡᠯ ᠬᠢᠵᠠᠢ᠃ ᠨᠤᠳᠤᠭ ᠪᠡᠯᠴᠢᠭᠡᠷ ᠠᠮᠢ ᠠᠬᠤᠢ ᠪᠠᠨ ᠬᠠᠮᠠᠭᠠᠯᠠᠨ᠂ ᠲᠦᠯ ᠮᠠᠯ ᠤᠨ ᠲᠠᠷᠭᠤ ᠬᠦᠴᠦ ᠶᠢ ᠪᠠᠳᠤᠯᠠᠬᠤ ᠪᠠᠷ ᠸᠧᠨ ᠱᠧᠩ ᠤᠨ ᠬᠢ ᠬᠠᠪᠤᠷ ᠤᠨ ᠲᠦᠯ ᠲᠤᠰᠳᠠᠭ ᠪᠦᠭᠡᠳ ᠡᠪᠤᠯ ᠠᠴᠠ ᠡᠬᠢᠯᠡᠨ ᠪᠠᠷᠤᠭ ᠲᠠᠪᠤᠨ ᠰᠠᠷ᠎ᠠ ᠬᠦᠷᠳᠡᠯ᠎ᠡ ᠡᠭᠡ ᠮᠠᠯ ᠢᠶᠠᠨ ᠪᠦᠬᠦᠨ ᠢ ᠬᠠᠰᠢᠶᠠᠯᠠᠨ ᠪᠤᠷᠳᠤᠨ ᠲᠡᠵᠢᠭᠡᠳᠡᠭ ᠃ ᠲᠡᠷᠡ ᠶᠠᠷᠢᠬᠤ ᠳᠠᠭᠠᠨ᠂ ︽ᠪᠤᠷᠤᠭᠠᠨ ᠬᠤᠷ᠎ᠠ ᠪᠠᠭ᠎ᠠ᠂ ᠪᠡᠯᠴᠢᠭᠡᠷ ᠤᠨ ᠤᠷᠭᠤᠴᠠ ᠠᠨᠠᠢ ᠪᠠᠶᠢᠳᠠᠯ ᠲᠤᠤᠷ᠎ᠠ ᠮᠠᠯ ᠭᠠᠷᠤᠭᠠᠳ ᠢᠳᠡᠬᠦ ᠡᠪᠡᠰᠦ ᠦᠭᠡᠢ᠂ ᠨᠤᠭᠤᠭ᠎ᠠ ᠤᠷᠭᠤᠬᠤ ᠴᠠᠬ ᠲᠤ ᠮᠠᠯ ᠢᠶᠠᠨ ᠪᠡᠯᠴᠢᠭᠡᠷᠯᠡᠭᠦᠯᠬᠦ ᠦᠭᠡᠢ ᠪᠤᠯ ᠨᠤᠲᠤᠭ ᠪᠡᠯᠴᠢᠬᠡᠷ ᠲᠤ ᠠᠰᠢᠭᠲᠠᠢ ᠭᠡᠳᠡᠭ ᠢ ᠮᠠᠯᠴᠢᠳ ᠤᠶᠢᠯᠠᠭᠠᠵᠤ ᠪᠠᠶᠢᠨ᠎ᠠ᠃ ᠭᠡᠪᠡᠴᠤ ᠵᠠᠷᠢᠮ ᠠᠶᠢᠯ ᠨᠢ ᠮᠠᠯ ᠢᠶᠠᠨ ᠡᠪᠤᠯᠵᠢᠨ ᠲᠡᠵᠢᠭᠡᠭᠡᠳ ᠬᠠᠪᠤᠷ ᠡᠪᠡᠰᠤ ᠬᠤᠳᠠᠯᠳᠤᠵᠤ ᠠᠪᠤᠶ᠎ᠠ ᠭᠡᠬᠦᠯᠡᠷ ᠵᠤᠭᠤᠰ ᠮᠦᠩᠬᠦᠨ ᠤ ᠲᠠᠯ᠎ᠠ ᠪᠠᠷ ᠬᠦᠴᠢᠷᠳᠡᠯ ᠲᠠᠢ ᠪᠠᠶᠢᠨ᠎ᠠ︾ ᠭᠡᠵᠤ ᠶᠠᠷᠢᠵᠤ ᠪᠠᠶᠢᠯ᠎ᠠ᠃         ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠭᠡᠬᠦ ᠠᠵᠢᠯ ᠢ ᠤᠷᠤᠭᠰᠢᠳᠠᠢ ᠶᠠᠪᠤᠭᠳᠠᠭᠤᠯᠬᠤ ᠪᠠᠷ᠂ ᠰᠢᠯᠤᠭᠤᠨ ᠬᠦᠪᠡᠭᠡᠳᠤ ᠴᠠᠭᠠᠨ ᠬᠤᠰᠢᠭᠤ ᠰᠤᠨᠢᠨ ᠮᠡᠳᠡᠭᠡ ᠨᠡᠶᠢᠳᠡᠯᠡᠬᠦ ᠬᠤᠷᠠᠯ ᠪᠠ ᠪᠡᠯᠴᠢᠭᠡᠷ ᠰᠡᠷᠬᠦᠭᠡᠬᠦ ᠠᠵᠢᠯ ᠤᠨ ᠲᠤᠬᠢᠷᠠᠭᠤᠯᠬᠤ ᠬᠤᠷᠠᠯ ᠬᠤᠷᠠᠯᠳᠤᠵᠤ᠂ ᠷᠠᠳᠢᠣ᠋ ᠲᠧᠯᠸᠢᠰ᠂ ᠵᠢᠷᠬᠢᠶ᠎ᠡ ᠶᠢᠨ ᠲᠠᠪᠴᠠᠩ ᠵᠡᠷᠭᠡ ᠵᠠᠭᠤᠴᠢᠯᠠᠭᠤᠷ ᠢ ᠠᠰᠢᠭᠯᠠᠨ ᠤᠬᠠᠭᠤᠯᠭ᠎ᠠ ᠶᠢ ᠴᠢᠩᠭᠠᠳᠬᠠᠵᠠᠢ᠃ ᠡᠯ᠎ᠡ ᠪᠠᠶᠢᠭᠤᠯᠭ᠎ᠠ ᠨᠢᠭᠡᠴᠡ᠂ ᠡᠯ᠎ᠡ ᠰᠤᠮᠤ ᠪᠠᠯᠭᠠᠰᠤᠨ ᠤ ᠺᠠᠳ᠋ᠷ ᠠᠵᠢᠯᠲᠠᠨ᠂ ᠭᠠᠴᠠᠭᠠᠨ ᠤ ᠨᠢᠭᠡᠳᠦᠭᠡᠷ ᠱᠦᠵᠢ ᠪᠠᠷ ᠪᠦᠷᠢᠯᠳᠦᠭᠰᠡᠨ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠵᠦ ᠂ ᠨᠡᠶᠢᠳᠡ 8 ᠮᠢᠩᠭ᠎ᠠ ᠰᠢᠬᠠᠮ ᠢᠯᠡ ᠺᠠᠷᠲ ᠢ ᠤᠯᠠᠨ ᠳᠤ ᠲᠠᠷᠬᠠᠭᠠᠵᠠᠢ᠃ ᠮᠠᠯ ᠤᠨ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠪᠦᠬᠦ ᠬᠤᠰᠢᠭᠤᠨ ᠤ ᠭᠡᠪᠴᠢᠶᠡᠨ ᠳᠤ ᠡᠪᠡᠳᠴᠢᠨ ᠬᠢᠵᠢᠭ ᠢ ᠪᠠᠶᠢᠴᠠᠭᠠᠬᠤ ᠪᠡ ᠠᠮᠢᠳᠠᠨ ᠤ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠦᠷᠨᠢᠬᠦᠯᠵᠠᠢ᠃         ᠤᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠤᠳᠠᠳᠤ ᠦᠷ᠎ᠡ ᠪᠦᠲᠦᠮᠵᠢ ᠶᠢ ᠪᠠᠳᠤᠯᠠᠬᠤ ᠶᠢᠨ ᠲᠦᠯᠦᠭᠡ᠂ ᠳᠤᠰ ᠬᠤᠰᠢᠭᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠶᠢᠨ ᠬᠠᠮᠳᠤ᠂ ᠪᠡᠯᠴᠢᠭᠡᠷ ᠰᠡᠷᠬᠦᠭᠡᠬᠦ ᠡᠷᠦᠭᠡ ᠳᠤ ᠮᠤ᠋ ᠪᠦᠷᠢ 0.75 ᠲᠦᠭᠦᠷᠢᠭ ᠤᠨ ᠪᠠᠷᠢᠮᠵᠢᠶ᠎ᠡ ᠪᠠᠷ ᠪᠦᠬᠦ ᠬᠤᠰᠢᠭᠤᠨ ᠤ 4 ᠮᠠᠯᠵᠢᠬᠤ ᠰᠤᠮᠤ ᠪᠠᠯᠭᠠᠰᠤᠨ ᠤ 38 ᠭᠠᠴᠠᠭᠠᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠤᠷᠤᠨ ᠲᠤᠭᠤᠷᠢᠭ ᠤᠨ 426.31 ᠲᠦᠮᠡᠨ ᠮᠤ᠋ ᠨᠤᠳᠤᠭ ᠪᠡᠯᠴᠢᠭᠡᠷ ᠲᠤ ᠪᠡᠯᠴᠢᠭᠡᠷ ᠰᠡᠷᠬᠦᠭᠡᠬᠦ ᠨᠦᠬᠦᠪᠤᠷᠢ ᠮᠦ᠋ᠩᠬᠦ ᠶᠢ 320 ᠲᠦᠮᠡᠨ ᠲᠦᠬᠦᠷᠢᠭ ᠲᠠᠷᠬᠠᠭᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号