ᠰᠢᠯᠤᠭᠤᠨ ᠬᠦᠪᠡᠭᠡᠳᠤ ᠴᠠᠭᠠᠨ ᠬᠤᠰᠢᠭᠤ ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠡᠬᠦ ᠠᠵᠢᠯ ᠢ ᠰᠢᠨ᠎ᠡ | ᠨᠢᠭᠡᠨ ᠡᠬᠡᠯᠵᠢ ᠶᠢᠨ ᠨᠤᠲᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠡ ᠶᠢᠨ ᠨᠦᠬᠦᠪᠤᠷᠢ ᠱᠠᠩᠨᠠᠯ ᠤᠨ | ᠲᠦᠷᠤ ᠶᠢᠨ ᠪᠤᠳᠤᠯᠭ᠎ᠠ ᠲᠠᠢ ᠤᠶᠠᠯᠳᠤᠭᠤᠯᠤᠨ 4 ᠰᠠᠷ᠎ᠠ ᠶᠢᠨ 1 ᠤ ᠡᠳᠦᠷ — 5 ᠰᠠᠷ᠎ᠠ ᠶᠢᠨ 1 ᠤ ᠡᠳᠦᠷ | ᠪᠤᠯᠳᠠᠯ᠎ᠠ᠂ ᠪᠦᠬᠦ ᠬᠤᠰᠢᠭᠤᠨ ᠤ 4 ᠮᠠᠯᠵᠢᠬᠤ ᠰᠤᠮᠤ ᠪᠠᠯᠭᠠᠰᠤᠨ ᠳᠤ ᠪᠡᠯᠴᠢᠭᠡᠷ ᠰᠡᠷᠭᠦᠭᠡᠬᠦ ᠶᠢ ᠭᠡᠷᠡᠭᠵᠢᠬᠦᠯᠬᠦ ᠪᠠᠷ | ᠪᠤᠯᠵᠦ᠂ ᠡᠯ᠎ᠡ ᠵᠦᠢᠯ ᠤᠨ ᠪᠡᠯᠡᠳᠭᠡᠯ ᠠᠵᠢᠯ ᠢ ᠠᠯᠬᠤᠮ ᠲᠠᠷᠠᠭ᠎ᠠ ᠲᠠᠢ ᠶᠠᠪᠤᠬᠳᠠᠭᠤᠯᠤᠬᠰᠠᠨ ᠰᠠᠭᠤᠷᠢᠨ ᠳᠡᠭᠡᠷ᠎ᠠ | ᠪᠡᠯᠴᠢᠭᠡᠷ ᠰᠡᠷᠭᠦᠭᠡᠬᠦ ᠠᠵᠢᠯ ᠢᠶᠠᠨ ᠳᠤᠬᠳᠠᠬᠰᠠᠨ ᠴᠠᠭ ᠲᠤ ᠡᠬᠢᠯᠡᠭᠦᠯᠪᠡ᠃ | ᠸᠧᠨ ᠱᠧᠩ ᠪᠤᠯ ᠤᠯᠠᠭᠠᠨᠴᠠᠪ ᠰᠤᠮᠤᠨ ᠤ ᠬᠤᠶᠠᠷᠬᠤᠳᠳᠤᠭ ᠭᠠᠴᠠᠭᠠᠨ ᠤ ᠮᠠᠯᠴᠢᠨ᠃ ᠡᠳᠡᠨᠡᠶᠢᠬᠢᠨ | ᠨᠢᠳᠤᠨᠤᠨ ᠵᠢᠯ ᠬᠤᠷᠢᠭᠠᠳ ᠦᠭᠡᠷ᠂ 200 ᠭᠠᠷᠤᠢ ᠬᠤᠨᠢ ᠪᠠᠨ ᠡᠪᠤᠯᠵᠢᠬᠦᠯᠬᠦ ᠪᠠᠷ 5 ᠲᠦᠮᠡᠨ ᠵᠢᠩ ᠬᠦᠭᠡ | ᠡᠪᠡᠰᠤ ᠨᠦᠬᠡᠴᠡᠯᠡᠵᠠᠢ᠃ ᠬᠠᠪᠤᠷ ᠤᠨ ᠤᠯᠠᠷᠢᠯ ᠳᠤ ᠪᠡᠯᠴᠢᠭᠡᠷ ᠰᠡᠷᠬᠦᠬᠡᠬᠦ ᠴᠢᠮᠡᠭᠡ ᠪᠠᠷ ᠸᠧᠨ ᠱᠧᠩ ᠲᠠᠬᠢᠨ 30 | ᠲᠤᠨ ᠨᠤᠭᠤᠭᠠᠨ ᠲᠠᠷᠤᠰᠢ᠂ 2 ᠲᠦᠮᠡᠨ ᠵᠢᠩ ᠪᠤᠷᠳᠤᠭ᠎ᠠ ᠬᠤᠳᠠᠯᠳᠤᠨ ᠠᠪᠴᠤ ᠬᠠᠪᠤᠷ ᠤᠨ ᠤᠯᠠᠷᠢᠯ ᠤᠨ | ᠪᠡᠯᠴᠢᠬᠡᠷ ᠰᠡᠷᠭᠦᠭᠡᠬᠦ ᠳᠤ ᠪᠦᠷᠢᠨ ᠪᠡᠯᠡᠳᠭᠡᠯ ᠬᠢᠵᠠᠢ᠃ ᠨᠤᠳᠤᠭ ᠪᠡᠯᠴᠢᠭᠡᠷ ᠠᠮᠢ ᠠᠬᠤᠢ ᠪᠠᠨ ᠬᠠᠮᠠᠭᠠᠯᠠᠨ᠂ ᠲᠦᠯ | ᠮᠠᠯ ᠤᠨ ᠲᠠᠷᠭᠤ ᠬᠦᠴᠦ ᠶᠢ ᠪᠠᠳᠤᠯᠠᠬᠤ ᠪᠠᠷ ᠸᠧᠨ ᠱᠧᠩ ᠤᠨ ᠬᠢ ᠬᠠᠪᠤᠷ ᠤᠨ ᠲᠦᠯ ᠲᠤᠰᠳᠠᠭ ᠪᠦᠭᠡᠳ | ᠡᠪᠤᠯ ᠠᠴᠠ ᠡᠬᠢᠯᠡᠨ ᠪᠠᠷᠤᠭ ᠲᠠᠪᠤᠨ ᠰᠠᠷ᠎ᠠ ᠬᠦᠷᠳᠡᠯ᠎ᠡ ᠡᠭᠡ ᠮᠠᠯ ᠢᠶᠠᠨ ᠪᠦᠬᠦᠨ ᠢ ᠬᠠᠰᠢᠶᠠᠯᠠᠨ ᠪᠤᠷᠳᠤᠨ ᠲᠡᠵᠢᠭᠡᠳᠡᠭ | ᠃ ᠲᠡᠷᠡ ᠶᠠᠷᠢᠬᠤ ᠳᠠᠭᠠᠨ᠂ ︽ᠪᠤᠷᠤᠭᠠᠨ ᠬᠤᠷ᠎ᠠ ᠪᠠᠭ᠎ᠠ᠂ ᠪᠡᠯᠴᠢᠭᠡᠷ ᠤᠨ ᠤᠷᠭᠤᠴᠠ ᠠᠨᠠᠢ ᠪᠠᠶᠢᠳᠠᠯ ᠲᠤᠤᠷ᠎ᠠ ᠮᠠᠯ | ᠭᠠᠷᠤᠭᠠᠳ ᠢᠳᠡᠬᠦ ᠡᠪᠡᠰᠦ ᠦᠭᠡᠢ᠂ ᠨᠤᠭᠤᠭ᠎ᠠ ᠤᠷᠭᠤᠬᠤ ᠴᠠᠬ ᠲᠤ ᠮᠠᠯ ᠢᠶᠠᠨ ᠪᠡᠯᠴᠢᠭᠡᠷᠯᠡᠭᠦᠯᠬᠦ ᠦᠭᠡᠢ ᠪᠤᠯ | ᠨᠤᠲᠤᠭ ᠪᠡᠯᠴᠢᠬᠡᠷ ᠲᠤ ᠠᠰᠢᠭᠲᠠᠢ ᠭᠡᠳᠡᠭ ᠢ ᠮᠠᠯᠴᠢᠳ ᠤᠶᠢᠯᠠᠭᠠᠵᠤ ᠪᠠᠶᠢᠨ᠎ᠠ᠃ ᠭᠡᠪᠡᠴᠤ ᠵᠠᠷᠢᠮ ᠠᠶᠢᠯ ᠨᠢ | ᠮᠠᠯ ᠢᠶᠠᠨ ᠡᠪᠤᠯᠵᠢᠨ ᠲᠡᠵᠢᠭᠡᠭᠡᠳ ᠬᠠᠪᠤᠷ ᠡᠪᠡᠰᠤ ᠬᠤᠳᠠᠯᠳᠤᠵᠤ ᠠᠪᠤᠶ᠎ᠠ ᠭᠡᠬᠦᠯᠡᠷ ᠵᠤᠭᠤᠰ ᠮᠦᠩᠬᠦᠨ ᠤ ᠲᠠᠯ᠎ᠠ ᠪᠠᠷ | ᠬᠦᠴᠢᠷᠳᠡᠯ ᠲᠠᠢ ᠪᠠᠶᠢᠨ᠎ᠠ︾ ᠭᠡᠵᠤ ᠶᠠᠷᠢᠵᠤ ᠪᠠᠶᠢᠯ᠎ᠠ᠃ | ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠭᠡᠬᠦ ᠠᠵᠢᠯ ᠢ ᠤᠷᠤᠭᠰᠢᠳᠠᠢ ᠶᠠᠪᠤᠭᠳᠠᠭᠤᠯᠬᠤ ᠪᠠᠷ᠂ ᠰᠢᠯᠤᠭᠤᠨ | ᠬᠦᠪᠡᠭᠡᠳᠤ ᠴᠠᠭᠠᠨ ᠬᠤᠰᠢᠭᠤ ᠰᠤᠨᠢᠨ ᠮᠡᠳᠡᠭᠡ ᠨᠡᠶᠢᠳᠡᠯᠡᠬᠦ ᠬᠤᠷᠠᠯ ᠪᠠ ᠪᠡᠯᠴᠢᠭᠡᠷ ᠰᠡᠷᠬᠦᠭᠡᠬᠦ ᠠᠵᠢᠯ ᠤᠨ | ᠲᠤᠬᠢᠷᠠᠭᠤᠯᠬᠤ ᠬᠤᠷᠠᠯ ᠬᠤᠷᠠᠯᠳᠤᠵᠤ᠂ ᠷᠠᠳᠢᠣ᠋ ᠲᠧᠯᠸᠢᠰ᠂ ᠵᠢᠷᠬᠢᠶ᠎ᠡ ᠶᠢᠨ ᠲᠠᠪᠴᠠᠩ ᠵᠡᠷᠭᠡ ᠵᠠᠭᠤᠴᠢᠯᠠᠭᠤᠷ ᠢ | ᠠᠰᠢᠭᠯᠠᠨ ᠤᠬᠠᠭᠤᠯᠭ᠎ᠠ ᠶᠢ ᠴᠢᠩᠭᠠᠳᠬᠠᠵᠠᠢ᠃ ᠡᠯ᠎ᠡ ᠪᠠᠶᠢᠭᠤᠯᠭ᠎ᠠ ᠨᠢᠭᠡᠴᠡ᠂ ᠡᠯ᠎ᠡ ᠰᠤᠮᠤ ᠪᠠᠯᠭᠠᠰᠤᠨ ᠤ ᠺᠠᠳ᠋ᠷ | ᠠᠵᠢᠯᠲᠠᠨ᠂ ᠭᠠᠴᠠᠭᠠᠨ ᠤ ᠨᠢᠭᠡᠳᠦᠭᠡᠷ ᠱᠦᠵᠢ ᠪᠠᠷ ᠪᠦᠷᠢᠯᠳᠦᠭᠰᠡᠨ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠵᠦ | ᠂ ᠨᠡᠶᠢᠳᠡ 8 ᠮᠢᠩᠭ᠎ᠠ ᠰᠢᠬᠠᠮ ᠢᠯᠡ ᠺᠠᠷᠲ ᠢ ᠤᠯᠠᠨ ᠳᠤ ᠲᠠᠷᠬᠠᠭᠠᠵᠠᠢ᠃ ᠮᠠᠯ ᠤᠨ ᠡᠪᠡᠳᠴᠢᠨ ᠬᠢᠵᠢᠭ ᠢ | ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠪᠦᠬᠦ ᠬᠤᠰᠢᠭᠤᠨ ᠤ ᠭᠡᠪᠴᠢᠶᠡᠨ ᠳᠤ | ᠡᠪᠡᠳᠴᠢᠨ ᠬᠢᠵᠢᠭ ᠢ ᠪᠠᠶᠢᠴᠠᠭᠠᠬᠤ ᠪᠡ ᠠᠮᠢᠳᠠᠨ ᠤ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ | ᠦᠷᠨᠢᠬᠦᠯᠵᠠᠢ᠃ | ᠤᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠤᠳᠠᠳᠤ ᠦᠷ᠎ᠡ | ᠪᠦᠲᠦᠮᠵᠢ ᠶᠢ ᠪᠠᠳᠤᠯᠠᠬᠤ ᠶᠢᠨ ᠲᠦᠯᠦᠭᠡ᠂ ᠳᠤᠰ ᠬᠤᠰᠢᠭᠤ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠶᠢᠨ ᠬᠠᠮᠳᠤ᠂ ᠪᠡᠯᠴᠢᠭᠡᠷ | ᠰᠡᠷᠬᠦᠭᠡᠬᠦ ᠡᠷᠦᠭᠡ ᠳᠤ ᠮᠤ᠋ ᠪᠦᠷᠢ 0.75 ᠲᠦᠭᠦᠷᠢᠭ ᠤᠨ ᠪᠠᠷᠢᠮᠵᠢᠶ᠎ᠡ ᠪᠠᠷ ᠪᠦᠬᠦ ᠬᠤᠰᠢᠭᠤᠨ ᠤ 4 ᠮᠠᠯᠵᠢᠬᠤ | ᠰᠤᠮᠤ ᠪᠠᠯᠭᠠᠰᠤᠨ ᠤ 38 ᠭᠠᠴᠠᠭᠠᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠤᠷᠤᠨ ᠲᠤᠭᠤᠷᠢᠭ ᠤᠨ | 426.31 ᠲᠦᠮᠡᠨ ᠮᠤ᠋ ᠨᠤᠳᠤᠭ ᠪᠡᠯᠴᠢᠭᠡᠷ ᠲᠤ ᠪᠡᠯᠴᠢᠭᠡᠷ ᠰᠡᠷᠬᠦᠭᠡᠬᠦ ᠨᠦᠬᠦᠪᠤᠷᠢ ᠮᠦ᠋ᠩᠬᠦ ᠶᠢ 320 ᠲᠦᠮᠡᠨ | ᠲᠦᠬᠦᠷᠢᠭ ᠲᠠᠷᠬᠠᠭᠠᠬᠤ ᠪᠤᠯᠤᠨ᠎ᠠ᠃ |