ᠰᠥᠨᠢᠳ ᠪᠠᠷᠠᠭᠤᠨ ᠬᠤᠰᠢᠭᠤ ᠨᠤᠤᠰᠤ ᠨᠤᠯᠤᠤᠷ ᠨᠡᠭᠡᠮᠡᠯ ᠤᠨ ᠠᠵᠤ ᠥᠢᠯᠡᠰ ᠢ ᠬᠥᠭᠵᠢᠬᠦᠯᠵᠥ ᠠᠵᠤ ᠠᠬᠤᠢᠢᠯᠠᠯ ᠤᠨ ᠠᠵᠤ ᠥᠢᠯᠡᠰᠵᠢᠯᠲᠡ ᠲᠡᠰ ᠲᠡᠪᠰᠢᠯᠲᠠ ᠶᠢ ᠠᠬᠢᠭᠤᠯᠵᠥ ᠪᠤᠢ
ᠨᠡᠶᠢᠲᠡᠯᠡᠭᠰᠡᠨ ᠴᠠᠭ᠄
2018/4/9
    ᠰᠦᠨᠢᠳ ᠪᠠᠷᠠᠭᠤᠨ ᠬᠤᠰᠢᠭᠤ ᠨᠣᠣᠰᠣ ᠨᠣᠯᠣᠤᠷ ᠨᠠᠬᠡᠮᠡᠯ ᠤᠨ ᠠᠵᠣ ᠦᠢᠯᠡᠰ ᠢ ᠬᠥᠭᠵᠢᠬᠦᠯᠵᠥ᠂ ᠤᠷᠤᠨ ᠨᠤᠳᠤᠭ ᠤᠨ ᠢᠶᠠᠨ ᠲᠠᠪᠠᠭᠤᠯᠢᠭ ᠲᠤ ᠰᠠᠭᠤᠷᠢᠯᠠᠨ᠂ ᠡᠬᠢ ᠪᠠᠶᠠᠯᠢᠭ ᠪᠣᠯᠣᠨ ᠣᠷᠣᠨ ᠪᠠᠶᠢᠷᠢ ᠶᠢᠨ ᠣᠨᠴᠠᠯᠢᠭ ᠲᠠᠭᠠᠨ ᠳᠦᠰᠢᠭᠯᠡᠨ᠂ ᠬᠦᠭᠵᠢᠯᠲᠠ ᠶᠢᠨ ᠳᠣᠮᠲᠠ ᠰᠢᠨᠵᠢᠯᠡᠬᠦ ᠣᠬᠠᠭᠠᠨᠴᠢ ᠲᠦᠯᠦᠪᠯᠡᠭᠡ ᠪᠠᠷ ᠣᠳᠣᠷᠢᠳᠣᠮᠵᠢ ᠪᠣᠯᠭᠠᠵᠣ᠂ ᠠᠵᠣ ᠠᠬᠤᠢ ᠶᠢᠨ ᠪᠦᠳᠦᠴᠡ ᠶᠢᠨ ᠳᠣᠬᠢᠷᠠᠭᠤᠯᠣᠯᠲᠠ ᠶᠢᠨ ᠲᠠᠰ ᠲᠡᠪᠰᠢᠨ ᠰᠢᠯᠢᠲᠡᠭᠵᠢᠬᠦ ᠳᠤ ᠰᠠᠭᠤᠷᠢ ᠲᠦᠬᠦᠭᠡᠷᠣᠮᠵᠢ ᠶᠢᠨ ᠶᠠᠰᠤ ᠴᠢᠨᠠᠷ᠂ ᠣᠷᠴᠢᠨ ᠳᠣᠭᠤᠷᠢᠨ ᠢ ᠬᠠᠮᠠᠭᠠᠯᠠᠬᠤ᠂ ᠣᠰᠣ ᠡᠨᠧᠷᠭᠢ ᠶᠢ ᠠᠷᠪᠢᠯᠠᠬᠤ ᠵᠡᠷᠭᠡ ᠣᠯᠠᠨ ᠲᠠᠯ᠎ᠠ ᠠᠴᠠ ᠰᠢᠨᠵᠢᠯᠡᠬᠦ ᠣᠬᠠᠭᠠᠨᠴᠢ ᠲᠦᠯᠦᠪᠯᠡᠭᠡ ᠬᠢᠵᠣ᠂ ᠤᠳᠤᠬᠢ ᠪᠦᠳᠦᠭᠡᠨ ᠪᠠᠶᠢᠭᠤᠯᠣᠯᠲᠠ ᠪᠣᠯᠣᠨ ᠠᠯᠣᠰ ᠤᠨ ᠬᠦᠭᠵᠢᠯᠲᠠ ᠶᠢ ᠣᠷᠭᠠᠨᠢᠭ ᠢᠶᠠᠷ ᠣᠶᠠᠯᠲᠣᠭᠤᠯᠵᠣ ᠪᠣᠢ᠃         ᠲᠤᠰ ᠬᠤᠰᠢᠭᠤᠨ ᠤ ᠨᠣᠣᠰᠣ ᠨᠣᠯᠤᠤᠷ ᠨᠠᠬᠡᠮᠡᠯ ᠤᠨ ᠠᠵᠣ ᠠᠬᠤᠢ ᠶᠢᠨ ᠬᠦᠷᠢᠶᠡᠯᠡᠩ 2005 ᠣᠨ ᠳᠤ ᠪᠠᠶᠢᠭᠤᠯᠣᠭᠲᠠᠵᠣ᠂ ᠣᠳᠣ ᠪᠣᠯᠬᠤ ᠳᠤ ᠨᠠᠶᠢᠳᠠ 59 ᠠᠵᠣ ᠠᠬᠤᠶᠢᠯᠠᠯ ᠨᠤᠳᠤᠭᠰᠢᠵᠦ᠂ ᠡᠭᠦᠨ ᠳᠤ ᠨᠣᠣᠰᠣ ᠨᠣᠯᠣᠤᠷ ᠤᠨ ᠠᠵᠣ ᠠᠬᠤᠶᠢᠯᠠᠯ 32 ᠡᠷᠦᠬᠡ ᠪᠣᠢ᠃ ᠤᠢᠢᠷ᠎ᠠ ᠶᠢᠨ ᠵᠢᠯ ᠳᠤ ᠰᠦᠨᠢᠳ ᠪᠠᠷᠠᠭᠤᠨ ᠬᠤᠰᠢᠭᠤᠨ ᠤ ᠨᠣᠣᠰᠣ ᠨᠣᠯᠣᠤᠷ ᠨᠠᠬᠡᠮᠡᠯ ᠤᠨ ᠠᠵᠣ ᠠᠬᠤᠢ ᠶᠢᠨ ᠬᠦᠷᠢᠶᠡᠯᠡᠩ ᠬᠤᠨᠢᠨ ᠨᠣᠣᠰᠣ᠂ ᠢᠮᠡᠭᠠᠨ ᠨᠣᠯᠣᠤᠷ᠂ ᠲᠡᠮᠡᠭᠡᠨ ᠨᠣᠣᠰᠣᠨ ᠤ ᠪᠦᠳᠦᠭᠡᠭᠲᠡᠭᠦᠨ ᠢ 900 ᠲᠦᠮᠡᠨ ᠵᠠᠬ᠎ᠠ ᠬᠢᠵᠣ᠂ ᠣᠯᠣᠰ ᠤᠨ ᠭᠠᠲᠠᠭᠠᠳᠣ ᠳᠣᠳᠣᠭᠠᠳᠣ ᠶᠢᠨ ᠵᠠᠬ᠎ᠠ ᠲᠡᠯᠭᠡᠭᠦᠷ ᠲᠤ ᠪᠣᠷᠣᠯᠠᠭᠤᠯᠵᠤ᠂ ᠣᠷᠢᠳ ᠬᠤᠵᠢᠳ ︽ᠳᠣᠮᠳᠠᠳᠣ ᠣᠯᠣᠰ ᠤᠨ ᠨᠣᠣᠰᠣ ᠨᠣᠯᠣᠤᠷ ᠤᠨ ᠠᠵᠣ ᠦᠢᠯᠡᠰ ᠤᠨ ᠬᠦᠭᠵᠢᠯᠲᠠ ᠶᠢᠨ ᠰᠢᠨ᠎ᠠ ᠶᠢ ᠡᠭᠦᠳᠦᠭᠰᠡᠨ ᠳᠣᠷᠰᠢᠯᠲᠠ ᠶᠢᠨ ᠴᠡᠭ︾᠂ ︽ᠪᠦᠬᠦ ᠣᠯᠣᠰ ᠤᠨ ᠪᠠᠭ᠎ᠠ ᠬᠡᠯᠪᠠᠷᠢ ᠶᠢᠨ ᠠᠵᠣ ᠠᠬᠤᠶᠢᠯᠡᠯ ᠤᠨ ᠦᠢᠯᠡᠰ ᠪᠣᠰᠬᠠᠭᠰᠠᠨ ᠵᠢᠱᠢᠶᠡᠴᠢ ᠰᠠᠭᠤᠷᠢᠨ ᠭᠠᠵᠠᠷ︾ ᠪᠣᠯᠣᠨ ︽ᠪᠦᠬᠦ ᠣᠷᠣᠨ ᠤ ᠨᠣᠣᠰᠣᠨ ᠨᠠᠬᠡᠮᠡᠯ ᠤᠨ ᠬᠤᠪᠴᠠᠰᠣᠨ ᠠᠵᠣ ᠦᠢᠯᠡᠳᠪᠣᠷᠢ ᠶᠢᠨ ᠵᠢᠱᠢᠶᠡᠴᠢ ᠰᠠᠭᠤᠷᠢᠨ ᠭᠠᠵᠠᠷ︾ ᠵᠡᠷᠭᠡ ᠪᠠᠷ ᠦᠨᠡᠯᠡᠭᠳᠡᠪᠠ᠃         ᠲᠤᠰ ᠬᠤᠰᠢᠭᠤ ᠠᠵᠣ ᠠᠬᠤᠶᠢᠯᠡᠯ ᠤᠨ ᠴᠢᠯᠦᠭᠡᠲᠠᠢ ᠬᠦᠭᠵᠢᠬᠦ ᠳᠤ ᠲᠠᠮᠵᠢᠯᠭᠡ ᠦᠵᠡᠭᠦᠯᠵᠦ᠂ ᠣᠷᠣᠨ ᠵᠠᠢ ᠬᠠᠩᠭᠠᠨ᠂ 2015 ᠣᠨ ᠠᠴᠠ ᠡᠬᠢᠯᠡᠨ ᠦᠷᠭᠦᠯᠵᠢᠯᠡᠨ 3 ᠵᠢᠯ ︽ᠳᠣᠮᠳᠠᠳᠣ ᠣᠯᠣᠰ ᠤᠨ ᠰᠦᠨᠢᠳ ᠣᠯᠠᠨ ᠣᠯᠣᠰ ᠤᠨ ᠨᠣᠣᠰᠣ ᠨᠣᠯᠣᠤᠷ ᠤᠨ ᠴᠣᠭᠯᠠᠭᠠᠨ︾ ᠢ ᠡᠷᠬᠢᠯᠡᠨ ᠶᠠᠪᠣᠭᠲᠠᠭᠤᠯᠵᠣ᠂ ᠠᠵᠣ ᠠᠬᠤᠶᠢᠯᠡᠯ ᠤᠨ ᠣᠯᠠᠨ ᠣᠯᠣᠰ ᠤᠨ ᠬᠠᠮᠳᠣᠷᠠᠯᠴᠠᠭ᠎ᠠ ᠶᠢ ᠴᠢᠩᠭᠠᠳᠬᠠᠵᠣ᠂ ᠬᠠᠮᠳᠣᠷᠠᠨ ᠠᠵᠢᠯᠯᠠᠵᠣ ᠬᠠᠮᠳᠣ ᠪᠠᠷ ᠲᠡᠪᠰᠢᠬᠤ ᠶᠢ ᠠᠬᠢᠭᠤᠯᠵᠠᠢ᠃ ᠪᠦᠳᠦᠭᠡᠭᠲᠡᠭᠦᠨ ᠤ ᠶᠠᠰᠤ ᠴᠢᠨᠠᠷ ᠢ ᠬᠢᠨᠠᠨ ᠪᠠᠶᠢᠴᠠᠭᠠᠬᠤ ᠴᠢᠲᠠᠮᠵᠢ ᠶᠢ ᠰᠠᠶᠢᠵᠢᠷᠠᠭᠤᠯᠵᠣ᠂ ᠪᠦᠳᠦᠭᠡᠭᠲᠠᠭᠦᠨ ᠤ ᠲᠠᠰ ᠲᠡᠪᠰᠢᠬᠦ ᠶᠢ ᠠᠬᠢᠭᠤᠯᠣᠨ᠂ ᠪᠦᠬᠦ ᠬᠤᠰᠢᠭᠤᠨ ᠤ ᠠᠵᠣ ᠦᠢᠯᠡᠳᠪᠣᠷᠢ ᠶᠢᠨ ᠪᠦᠳᠦᠭᠡᠭᠲᠡᠭᠦᠨ ᠤ ᠮᠠᠷᠭᠡᠵᠢᠯ ᠤᠨ ᠲᠡᠰ ᠲᠡᠪᠰᠢᠯᠲᠠ ᠶᠢ ᠳᠦᠯᠬᠢᠨ ᠠᠬᠢᠭᠤᠯᠵᠠᠢ᠃ ᠠᠵᠦ ᠠᠬᠤᠢ ᠶᠢᠨ ᠬᠥᠷᠢᠶᠡᠯᠨᠩ ᠨᠢ ᠴᠦ ᠨᠡᠶᠢᠲᠠ ᠶᠢᠨ ᠦᠢᠯᠡᠴᠢᠯᠡᠭᠡ ᠪᠠᠷ ᠪᠠᠳᠣᠯᠠᠭ᠎ᠠ ᠪᠣᠯᠭᠠᠨ᠂ ᠪᠦᠬᠦ ᠬᠤᠰᠢᠭᠤᠨ ᠤ ᠪᠠᠭ᠎ᠠ ᠠᠵᠣ ᠠᠬᠤᠶᠢᠯᠠᠯ ᠤᠨ ᠦᠢᠯᠡᠰ ᠪᠦᠳᠦᠭᠡᠬᠦ ᠨᠠᠶᠢᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠵᠣ᠂ ᠠᠵᠣ ᠠᠬᠤᠶᠢᠯᠠᠯ ᠢ ᠣᠷᠢᠵᠣ ᠠᠪᠴᠢᠷᠠᠨ᠂ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠣᠯᠲᠠ ᠪᠠᠨ ᠰᠠᠶᠢᠵᠢᠷᠠᠭᠤᠯᠵᠣ᠂ ᠣᠯᠠᠨ ᠣᠯᠣᠰ ᠤᠨ ᠬᠠᠮᠳᠣᠷᠠᠯᠴᠠᠭ᠎ᠠ ᠶᠢ ᠴᠢᠩᠭᠠᠳᠬᠠᠨ᠂ 2017 ᠤᠨ ᠤ 8 ᠰᠠᠷ᠎ᠠ ᠳᠤ᠂ 3500 ᠬᠠᠪᠳᠠᠭᠠᠢ ᠲᠦᠷᠪᠡᠯᠵᠢᠨ ᠮᠧᠳ᠋ᠷ ᠤᠨ ᠬᠡᠪᠴᠢᠶ᠎ᠠ ᠲᠠᠢ ᠳᠣᠮᠲᠠ ᠪᠠᠭ᠎ᠠ ᠠᠵᠣ ᠠᠬᠤᠶᠢᠯᠠᠯ ᠤᠨ ᠨᠠᠶᠢᠲᠠ ᠶᠢᠨ ᠦᠢᠯᠡᠴᠢᠯᠡᠭᠡᠨ ᠤ ᠲᠦᠪ ᠢ ᠰᠢᠨ᠎ᠠ ᠪᠠᠷ ᠪᠦᠳᠦᠭᠡᠨ ᠪᠠᠶᠢᠭᠤᠯᠵᠣ᠂ ᠨᠠᠶᠢᠲᠠ ᠶᠢᠨ ᠦᠢᠯᠡᠴᠢᠯᠡᠭᠡ᠂ ᠲᠤᠤᠷ ᠰᠦᠯᠵᠢᠶᠡᠨ ᠤ ᠦᠢᠯᠡᠴᠢᠯᠡᠭᠡ ᠵᠡᠷᠭᠡ ᠳᠣᠯᠣᠭᠠᠨ ᠶᠡᠭᠡ ᠦᠢᠯᠡᠴᠢᠯᠡᠭᠡᠨ ᠤ ᠴᠢᠲᠠᠮᠵᠢ ᠲᠠᠢ ᠪᠠᠶᠢᠵᠣ᠂ ᠵᠢᠵᠢᠭ ᠪᠠᠭ᠎ᠠ ᠠᠵᠣ ᠠᠬᠤᠶᠢᠯᠠᠯ ᠤᠨ ᠦᠢᠯᠡᠰ ᠪᠦᠳᠦᠭᠡᠬᠦ ᠳᠤ ᠪᠠᠳᠣᠯᠠᠭ᠎ᠠ ᠬᠠᠩᠭᠠᠭᠰᠠᠨ ᠪᠠᠶᠢᠨ᠎ᠠ᠃ ᠡᠬᠦᠨ ᠳᠤ ᠮᠡᠷᠬᠡᠵᠢᠯ ᠤᠨ ᠰᠣᠳᠣᠯᠣᠨ ᠡᠭᠦᠳᠬᠦ ᠴᠢᠲᠠᠮᠵᠢ ᠶᠢ ᠲᠡᠭᠡᠭᠰᠢᠯᠡᠭᠦᠯᠬᠦ ᠶᠢᠨ ᠳᠤᠰᠠᠳᠠ ᠦᠪᠦᠷ ᠮᠣᠩᠭᠤᠯ ᠤᠨ ᠠᠵᠣ ᠦᠢᠯᠡᠳᠪᠣᠷᠢ ᠶᠢᠨ ᠶᠡᠭᠡ ᠰᠣᠷᠭᠠᠭᠤᠯᠢ ᠲᠠᠢ ᠬᠠᠮᠳᠣᠷᠠᠯᠴᠠᠨ ᠪᠦᠳᠦᠭᠡᠭᠲᠡᠭᠦᠨ ᠰᠣᠳᠣᠯᠣᠨ ᠦᠢᠯᠡᠳᠬᠦ ᠮᠡᠷᠭᠡᠵᠢᠯ ᠤᠨ ᠰᠣᠯᠢᠯᠴᠠᠭ᠎ᠠ ᠬᠢᠵᠣ᠂ ᠠᠵᠣ ᠠᠬᠤᠶᠢᠯᠠᠯ ᠳᠤ ᠬᠦᠮᠣᠨ ᠤ ᠬᠦᠴᠦᠨ ᠤ ᠡᠬᠢ ᠪᠠᠶᠠᠯᠢᠭ᠂ ᠮᠡᠷᠭᠡᠵᠢᠯ ᠪᠣᠯᠪᠠᠰᠣᠷᠠᠯ ᠵᠡᠷᠭᠡ ᠶᠢᠨ ᠦᠢᠯᠡᠴᠢᠯᠡᠭᠡ ᠬᠠᠩᠭᠠᠨ᠂ ᠲᠣᠷᠰᠢᠯᠭ᠎ᠠ ᠲᠠᠢ ᠪᠠᠭᠰᠢ ᠪᠣᠯᠣᠨ ᠳᠣᠰᠬᠠᠢ ᠴᠢᠲᠡᠪᠣᠷᠢᠲᠠᠨ ᠢ ᠤᠷᠢᠵᠤ ᠳᠣᠭᠲᠠᠭᠰᠠᠨ ᠬᠤᠭᠤᠴᠠᠭ᠎ᠠ ᠲᠠᠢ ᠵᠢᠯᠣᠭᠤᠳᠣᠯᠭ᠎ᠠ ᠬᠢᠯᠭᠡᠵᠠᠢ᠃ ᠪᠠᠰᠠ ᠰᠢᠶᠠᠮᠧᠨ ᠤ ᠨᠠᠨ ᠰᠢᠶᠦ᠋ᠨ ᠪᠦᠯᠦᠭᠯᠡᠯ ᠲᠠᠢ ᠬᠠᠮᠳᠣᠷᠠᠨ ᠪᠦᠳᠦᠭᠡᠭᠲᠡᠭᠦᠨ ᠤ ᠳ᠋ᠠᠶᠢᠲ᠋ᠠ ᠬᠦᠮᠦᠷᠭᠡ ᠶᠢᠨ ᠲᠠᠪᠴᠠᠩ ᠢ ᠪᠠᠶᠢᠭᠤᠯᠵᠣ᠂ ᠭᠤᠣᠯᠳᠠᠭᠤ ᠠᠵᠣ ᠠᠬᠤᠶᠢᠯᠠᠯ ᠤᠨ ᠪᠦᠳᠦᠭᠡᠭᠲᠡᠭᠦᠨ ᠤ ᠪᠣᠷᠣᠯᠠᠭᠤᠯᠭ᠎ᠠ ᠶᠢᠨ ᠴᠢᠭᠯᠡᠯ᠂ ᠶᠠᠩᠵᠣ ᠬᠡᠯᠪᠡᠷᠢ ᠵᠡᠷᠭᠡ ᠳᠤ ᠶᠡᠷᠦᠩᠬᠡᠶᠢᠯᠡᠭᠰᠡᠨ ᠳᠤᠭ᠎ᠠ ᠪᠠᠷᠢᠮᠲᠠ ᠶᠢᠨ ᠵᠠᠳᠠᠯᠣᠯᠲᠠ ᠶᠢᠨ ᠦᠢᠯᠡᠴᠢᠯᠡᠭᠡ ᠬᠠᠩᠭᠠᠵᠦ ᠪᠠᠶᠢᠨ᠎ᠠ᠃ 2013 ᠣᠨ ᠳᠤ ᠲᠤᠰ ᠬᠤᠰᠢᠭᠤᠨ ᠤ ᠨᠤᠤᠰᠤ ᠨᠤᠯᠤᠤᠷ ᠨᠡᠭᠡᠮᠡᠯ ᠤᠨ ᠠᠵᠦ ᠠᠬᠤᠢ ᠶᠢᠨ ᠬᠦᠷᠢᠶᠡᠯᠡᠩ ᠣᠷᠣᠨ ᠤ ᠲᠠᠰ ᠤᠨ ᠪᠠᠭ᠎ᠠ ᠬᠡᠯᠪᠠᠷᠢ ᠶᠢᠨ ᠠᠵᠣ ᠠᠬᠤᠶᠢᠯᠡᠯ ᠤᠨ ᠦᠢᠯᠡᠰ ᠪᠣᠰᠬᠠᠨ ᠰᠢᠨ᠎ᠠ ᠶᠢ ᠡᠭᠦᠳᠦᠭᠰᠡᠨ ᠲᠠᠭᠤᠷᠢᠶᠠᠯ ᠰᠠᠭᠤᠷᠢᠨ ᠭᠠᠵᠠᠷ ᠢᠶᠠᠷ ᠦᠨᠡᠯᠡᠭᠲᠡᠵᠦ᠂ 2017 ᠣᠨ ᠳᠤ᠂ ᠣᠯᠣᠰ ᠤᠨ ᠲᠡᠰ ᠤᠨ ᠲᠡᠷᠢᠭᠦᠨ ᠤ ᠵᠢᠱᠢᠶᠡᠴᠢ ᠰᠠᠭᠤᠷᠢᠨ ᠭᠠᠵᠠᠷ ᠢᠶᠠᠷ ᠰᠣᠩᠭᠤᠭᠳᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号