4 ᠰᠠᠷ᠎ᠠ ᠶᠢᠨ 27 ᠤ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶ᠎ᠠ 2018 ᠤᠨ ᠤ 8 | ᠳ᠋ᠤᠭᠠᠷ ᠤᠳᠠᠭᠠᠨ ᠤ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠲᠤᠮᠳᠠᠳᠤ ᠤᠯᠤᠰ ᠤᠨ ᠡᠪ ᠬᠠᠮᠲᠤ | ᠨᠠᠮ ᠤᠨ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠲᠤᠯᠬᠤ ᠶᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠠᠭᠠᠨ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ | ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ | ᠲᠤᠤᠱᠯᠠᠭᠤᠯᠬᠤ ᠨᠢ ᠪᠦᠬᠦ ᠠᠶᠢᠮᠠᠭ ᠤᠨ ᠡᠯ ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠵᠤ | ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠬᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠢ ᠯᠠᠪᠳᠠᠭᠤᠨ ᠪᠠᠳᠤᠳᠠᠢ ᠠᠬᠢᠭᠤᠯᠬᠤ᠂ ᠦᠨᠳᠤᠰᠤᠲᠤᠨ ᠤ ᠪᠦᠯᠬᠦᠮᠳᠠᠯ ᠪᠠ ᠬᠢᠯᠢ ᠬᠢᠵᠠᠭᠠᠷ | ᠤᠷᠤᠨ ᠤ ᠠᠮᠤᠷ ᠲᠤᠭᠳᠠᠭᠤᠨ ᠢ ᠯᠠᠪᠳᠠᠭᠤᠨ ᠪᠠᠳᠤᠳᠠᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ᠪᠦᠬᠦ ᠠᠶᠢᠮᠠᠭ ᠤᠨ ᠡᠯ᠎ᠠ ᠭᠠᠵᠠᠷ ᠡᠯ᠎ᠠ ᠰᠠᠯᠠᠭ᠎ᠠ ᠮᠥᠴᠢᠷ ︽ᠭᠤᠷᠪᠠ ᠶᠢ ᠯᠠᠪᠳᠠᠭᠤᠨ ᠪᠠᠳᠤᠳᠠᠢ ᠠᠬᠢᠭᠤᠯᠬᠤ︾ | ᠴᠢᠬᠤᠯᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠰᠤᠷᠤᠯᠴᠠᠵᠦ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠤ ᠪᠠᠶᠢᠷᠢᠯᠠᠭᠤᠯᠤᠯᠲᠠ ᠲᠡᠭᠡᠷ᠎ᠡ ᠨᠢᠬᠡᠳᠦᠬᠦᠯᠵᠦ᠂ ︽ | ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ︾ ᠤ ᠢᠯᠠᠯᠲᠠ ᠶᠢ ᠤᠯᠵᠦ᠂ ᠨᠠᠮ ᠤᠨ ᠲᠦᠪ ᠬᠤᠷᠢᠶ᠎ᠠ ᠪᠠ | ᠥᠪᠡᠷᠲᠡᠭᠡᠨ ᠵᠠᠰᠠᠬᠤ ᠤᠷᠤᠨ ᠤ ᠰᠢᠢᠳᠪᠦᠷᠢᠲᠤ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠬᠦᠭᠵᠢᠯᠲᠠ ᠶᠢ | ᠠᠬᠢᠭᠤᠯᠬᠤ ᠪᠤᠳᠠᠳᠤ ᠠᠵᠢᠯᠯᠠᠭ᠎ᠠ ᠪᠤᠯᠭᠠᠬᠤ ᠭᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠥᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠲᠤᠯᠬᠤ ᠶᠢ ᠠᠬᠢᠭᠤᠯᠬᠤ ᠬᠤᠷᠠᠯ ᠪᠤᠯ ᠶᠡᠷᠦᠩᠭᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠨ | ᠨᠡᠭᠡᠭᠡᠨ ᠬᠦᠭᠵᠢᠬᠦᠯᠬᠦ ᠦᠵᠡᠯ ᠰᠠᠨᠠᠭ᠎ᠠ ᠪᠠ ᠨᠠᠮ ᠤᠨ ᠲᠦᠪ ᠬᠤᠷᠢᠶᠠᠨ ᠤ ᠰᠢᠢᠳᠪᠤᠷᠢᠲᠦ ᠪᠠᠶᠢᠷᠢᠯᠠᠭᠤᠯᠤᠯᠲᠠ ᠶᠢ | ᠬᠦᠨᠵᠡᠭᠡᠢ ᠲᠤᠤᠱᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠳᠤ | ᠲᠡᠬᠢᠨ ᠪᠠᠶᠢᠷᠢᠯᠠᠭᠤᠯᠤᠯᠲᠠ ᠬᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠡᠯᠲᠡ ᠶᠢ ᠤᠯᠬᠤ | ᠢᠳᠡᠭᠡᠯ ᠵᠤᠷᠢᠭ ᠢ ᠢᠯᠡᠷᠡᠬᠦᠯᠵᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠶᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠲᠠᠢ ᠲᠡᠭᠡᠲᠦ ᠭᠡᠮᠵᠢᠶ᠎ᠠ ᠪᠠᠷ ᠨᠢᠭᠡᠲᠦᠯᠲᠡᠢ ᠪᠠᠶᠢᠯᠭᠠᠬᠤ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠤ᠂ | ︽ᠲᠦᠷᠪᠡᠨ ᠤᠬᠠᠮᠰᠠᠷ︾ ᠢᠶᠠᠨ ᠴᠢᠩᠭᠠᠳᠬᠠᠬᠤ ᠪᠤᠳᠠᠳᠤ ᠢᠯᠡᠷᠡᠯ ᠪᠤᠯᠭᠠᠵᠤ᠂ ᠠᠰᠠᠭᠤᠳᠠᠯ ᠢᠶᠠᠨ ᠪᠤᠳᠠᠳᠠᠢ | ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠠᠷᠭ᠎ᠠ ᠪᠠᠨ ᠲᠡᠬᠦᠯᠲᠡᠷᠵᠢᠬᠦᠯᠵᠤ᠂ ᠠᠵᠢᠯ ᠤᠨ ᠬᠠᠷᠢᠭᠤᠴᠠᠯᠭ᠎ᠠ ᠪᠠᠨ | ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠠᠭᠤᠷᠢ ᠶᠢ ᠴᠢᠩᠭᠠᠳᠬᠠᠵᠤ᠂ | ᠶᠠᠳᠠᠭᠤ ᠠᠴᠠ ᠠᠩᠬᠢᠵᠢᠷᠠᠭᠤᠯᠬᠤ ᠴᠢᠨᠠᠷ ᠢ ᠪᠠᠳᠤᠯᠠᠬᠤ ᠭᠡᠷᠡᠭᠲᠡᠢ ᠭᠡᠪᠡ᠃ | ᠬᠤᠷᠠᠯ ᠠᠴᠠ ︽ᠰᠢᠯᠢ ᠶᠢᠨ ᠭᠤᠤᠯ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠢ ᠲᠦᠪᠯᠡᠷᠡᠬᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠶᠢᠨ ᠲᠦᠰᠦᠪ︾᠂ ︽ᠰᠢᠯᠢ ᠶᠢᠨ ᠭᠤᠤᠯ ᠠᠶᠢᠮᠠᠭ ᠤᠨ | 2017 ᠤᠨ ᠤ ᠤᠯᠤᠰ ᠤᠨ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠠᠵᠢᠯ ᠤᠨ ᠦᠷ᠎ᠠ ᠪᠦᠲᠦᠮᠵᠢ ᠶᠢ | ᠰᠢᠯᠭᠠᠨ ᠦᠨᠡᠯᠡᠬᠦ ᠲᠤᠮᠳᠠ ᠢᠯᠡᠷᠡᠬᠦᠯᠦᠭᠰᠡᠨ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠦᠰᠦᠪ︾᠂ | ︽ᠰᠢᠯᠢ ᠶᠢᠨ ᠭᠤᠤᠯ ᠠᠶᠢᠮᠠᠭ ᠤᠨ 2018 — 2020 ᠤᠨ ᠤ ᠲᠤᠭᠳᠠᠭᠰᠠᠨ ᠴᠡᠭ ᠲᠤ ᠬᠠᠪᠰᠤᠷᠤᠨ | ᠲᠡᠳᠬᠦᠬᠦ ᠠᠵᠢᠯ ᠤᠨ ᠲᠦᠰᠦᠪ︾ ᠪᠠ ︽ᠰᠢᠯᠢ ᠶᠢᠨ ᠭᠤᠤᠯ ᠠᠶᠢᠮᠠᠭ ᠤᠨ ᠶᠠᠳᠠᠭᠤ ᠬᠦᠴᠢᠷᠲᠡᠯᠲᠡᠢ ᠬᠦᠮᠦᠨ | ᠠᠮᠠ ᠶᠢ ᠤᠨᠤᠪᠴᠢᠳᠠᠢ ᠢᠯᠭᠠᠨ ᠳᠤᠳᠤᠯᠠᠵᠦ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ 2018 ᠤᠨ ᠤ ︿ | ᠡᠷᠬᠢᠴᠡᠬᠦᠯᠦᠨ ᠬᠠᠷᠠᠬᠤ﹀ ᠴᠡᠭᠴᠡᠯᠡᠨ ᠰᠠᠶᠢᠵᠢᠷᠠᠭᠤᠯᠬᠤ ᠲᠦᠰᠦᠪ︾ ᠵᠡᠷᠭᠡ ᠶᠢ ᠰᠤᠳᠤᠯᠤᠨ ᠶᠠᠷᠢᠯᠴᠠᠪᠠ᠃ |