ᠮᠠᠨ ᠤ ᠠᠶᠢᠮᠠᠭ ︽5•4︾᠎ ᠶᠢᠨ ᠬᠦᠳᠡᠯᠭᠡᠭᠡᠨ ᠤ 99 ᠵᠢᠯ ᠤᠨ ᠤᠢ ᠶᠢ ᠲᠤᠷᠠᠰᠬᠠᠬᠤ ᠵᠢᠴᠢ ᠰᠠᠶᠢᠰᠢᠶᠠᠨ ᠬᠦᠬᠢᠬᠦᠯᠬᠦ ᠶᠡᠭᠡ ᠬᠤᠷᠠᠯ ᠬᠤᠷᠠᠯᠳᠤᠭᠤᠯᠪᠠ ᠪᠤᠤ ᠬᠦᠸᠧ ᠴᠢᠤᠸᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018/5/11
    4 ᠰᠠᠷ᠎ᠡ ᠶᠢᠨ 27᠎ ᠤ ᠡᠳᠤᠷ ᠪᠦᠬᠦ ᠠᠶᠢᠮᠠᠭ ᠤᠨ ︽5 · 4︾᠎ ᠶᠢᠨ ᠬᠦᠳᠡᠯᠭᠡᠭᠡᠨ ᠤ 99 ᠵᠢᠯ ᠤᠨ ᠤᠢ ᠶᠢ ᠲᠤᠷᠠᠰᠬᠠᠬᠤ ᠵᠢᠴᠢ ᠰᠠᠶᠢᠰᠢᠶᠠᠨ ᠬᠦᠬᠢᠬᠦᠯᠬᠦ ᠶᠡᠭᠡ ᠬᠤᠷᠠᠯ ᠰᠢᠯᠢ ᠶᠢᠨ ᠬᠤᠳᠠ ᠳᠤ ᠬᠤᠷᠠᠯᠳᠤᠵᠤ᠂ ︽ᠵᠠᠯᠠᠭᠤᠴᠤᠳ ᠤᠨ 5 · 4᠎ ᠶᠢᠨ ᠮᠧᠳᠠᠯ︾ ︽ᠭᠠᠷᠮᠠᠭᠠᠢ ︵ᠰᠢᠯᠢᠳᠡᠭ︶ ᠵᠠᠯᠠᠭᠤ ᠬᠠᠮᠠᠭᠠᠯᠠᠭᠴᠢ︾ ︽ᠵᠠᠯᠠᠭᠤᠴᠤᠳ ᠪᠠᠭᠠᠴᠤᠳ ᠤᠨ ᠡᠷᠭᠡ ᠠᠰᠢᠭ ᠢ ᠬᠠᠮᠠᠭᠠᠯᠠᠭᠰᠠᠨ ᠠᠵᠢᠯ ᠤᠨ ᠪᠠᠶᠢᠷᠢ︾ ︽ᠪᠤᠯᠪᠠᠰᠤᠨ ᠰᠠᠶᠢᠨ ᠵᠠᠯᠠᠭᠤ︾᠂ ᠰᠢᠯᠢᠳᠡᠭ ᠡᠪᠯᠡᠯ ᠤᠨ ᠭᠡᠰᠢᠬᠦᠨ ᠡᠪᠯᠡᠯ ᠤᠨ ᠺᠠᠳ᠋ᠷ᠂ ︽5 · 4᠎ ᠶᠢᠨ ᠤᠯᠠᠭᠠᠨ ᠲᠤᠭᠴᠢ︾ ᠡᠪᠯᠡᠯ ᠤᠨ ᠬᠤᠷᠢᠶ᠎ᠠ ᠡᠪᠯᠡᠯ ᠤᠨ ᠡᠬᠦᠷ ︵ᠶᠡᠷᠦᠩᠭᠡᠢ ᠡᠬᠦᠷ︶ ᠵᠡᠷᠭᠡ ᠲᠡᠷᠢᠬᠦᠨ ᠤ ᠬᠠᠮᠳᠤ ᠨᠢᠭᠡᠴᠡ ᠪᠠ ᠬᠤᠪᠢ ᠬᠦᠮᠦᠨ ᠢ ᠰᠠᠶᠢᠰᠢᠶᠠᠨ ᠬᠦᠬᠢᠬᠦᠯᠬᠦ ᠶᠢᠨ ᠬᠠᠮᠳᠤ ᠰᠢᠨ᠎ᠠ ᠡᠪᠯᠡᠯ ᠤᠨ ᠭᠡᠰᠢᠬᠦᠨ ᠡᠪᠯᠡᠯ ᠳᠤ ᠤᠷᠤᠬᠤ ᠪᠠᠷ ᠲᠠᠩᠭᠠᠷᠢᠭᠯᠠᠬᠤ ᠪᠠ ᠦᠨᠳᠤᠰᠤᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠪᠠ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠤᠤ ᠬᠦᠸᠧ ᠴᠢᠤᠸᠠᠨ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠲᠠᠷᠤᠭ᠎ᠠ ᠰᠠᠷᠠᠨᠴᠢᠮᠡᠭ ᠬᠤᠷᠠᠯ ᠡᠷᠬᠢᠯᠡᠵᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠡᠷᠳᠡᠨᠢᠮᠦ᠋ᠩᠭᠡ ᠬᠤᠷᠠᠯ ᠳᠤ ᠤᠷᠤᠯᠴᠠᠵᠠᠢ᠃         ᠬᠤᠷᠠᠯ ᠠᠴᠠ ᠵᠢᠭᠠᠬᠤ ᠳᠠᠭᠠᠨ᠂ ᠪᠦᠬᠦ ᠠᠶᠢᠮᠠᠭ ᠤᠨ ᠦᠷᠭᠡᠨ ᠤᠯᠠᠨ ᠵᠠᠯᠠᠭᠤᠴᠤᠳ ︽ᠲᠦᠷᠪᠡᠨ ᠤᠬᠠᠮᠰᠠᠷ︾ ᠎ ᠢᠶᠠᠨ ᠪᠠᠳᠤᠳᠬᠠᠵᠤ᠂ ︽ᠲᠦᠷᠪᠡᠨ ᠢᠳᠡᠭᠡᠯ︾᠎ ᠢᠶᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠲᠦ ᠭᠡᠮᠵᠢᠶ᠎ᠠ ᠪᠠᠷ ᠨᠢᠭᠡᠲᠦᠯᠲᠡᠢ ᠪᠠᠶᠢᠯᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠳᠦᠭᠴᠢ᠂ ᠬᠠᠮᠠᠭᠠᠯᠠᠭᠴᠢ ᠪᠠ ᠪᠦᠲᠦᠭᠡᠨ ᠪᠠᠶᠢᠭᠤᠯᠤᠭᠴᠢ ᠪᠤᠯᠵᠤ᠂ ᠴᠢᠳᠠᠪᠤᠷᠢ ᠪᠠᠨ ᠲᠡᠭᠡᠭᠰᠢᠯᠡᠬᠦᠯᠵᠤ᠂ ᠵᠤᠷᠢᠭᠳᠠᠢ ᠪᠠᠷ ᠰᠢᠨ᠎ᠠ ᠶᠢ ᠡᠬᠦᠳᠴᠤ᠂ ᠪᠤᠯᠪᠠᠰᠤᠨ ᠰᠤᠷᠳᠠᠯ ᠢ ᠪᠠᠳᠠᠷᠠᠭᠤᠯᠬᠤ ᠭᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠡᠪ ᠬᠠᠮᠳᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠯᠠᠭᠤᠴᠤᠳ ᠤᠨ ᠡᠪᠯᠡᠯ ᠤᠨ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠵᠠᠯᠠᠭᠤᠴᠤᠳ ᠤᠨ ᠡᠪᠯᠡᠯ ᠤᠨ ᠠᠵᠢᠯ ᠳᠤ ᠰᠠᠶᠢᠨ ᠰᠠᠶᠢᠬᠠᠨ ᠤᠷᠴᠢᠨ ᠢ ᠡᠬᠦᠳᠬᠦ ᠭᠡᠷᠡᠭᠲᠡᠢ᠃ ᠪᠦᠬᠦ ᠠᠶᠢᠮᠠᠭ ᠤᠨ ᠡᠯ᠎ᠡ ᠱᠠᠳᠤᠨ ᠤ ᠡᠪᠯᠡᠯ ᠤᠨ ᠵᠤᠬᠢᠶᠠᠨ ᠪᠠᠶᠢᠭᠤᠯᠤᠯᠲᠠ ᠵᠠᠯᠠᠭᠤᠴᠤᠳ ᠤᠨ ᠡᠪᠯᠡᠯ ᠳᠤ ᠦᠭᠡᠷᠡᠴᠢᠯᠡᠯᠲᠡ ᠬᠢᠬᠦ ᠲᠤᠬᠢᠶᠠᠯ ᠢ ᠠᠳᠬᠤᠵᠤ᠂ ᠪᠦᠬᠦ ᠠᠶᠢᠮᠠᠭ ᠤᠨ ᠠᠵᠢᠯ ᠤᠨ ᠶᠡᠭᠡ ᠲᠠᠯ᠎ᠠ ᠶᠢᠨ ᠲᠤᠮᠳᠠ ᠠᠵᠢᠯ ᠤᠨ ᠭᠠᠷᠳᠠᠴᠠ ᠪᠠᠨ ᠤᠨᠤᠪᠴᠢᠳᠠᠢ ᠤᠯᠵᠤ᠂ ᠦᠷᠭᠡᠨ ᠤᠯᠠᠨ ᠵᠠᠯᠠᠭᠤᠴᠤᠳ ᠢ ᠲᠠᠭᠠᠭᠤᠯᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠡ ᠲᠠᠯ᠎ᠠ ᠶᠢᠨ ᠦᠢᠯᠡᠰ ᠲᠤ ᠰᠢᠨ᠎ᠠ ᠦᠷ᠎ᠠ ᠪᠦᠲᠦᠮᠵᠢ ᠭᠠᠷᠭᠠᠬᠤ ᠭᠡᠷᠡᠭᠲᠡᠢ ᠭᠡᠪᠡ᠃         ᠡᠯ᠎ᠡ ᠬᠤᠰᠢᠭᠤ ᠰᠢᠶᠠᠨ ᠬᠤᠳᠠ ︵ᠤᠷᠤᠨ︶᠎ ᠶᠢᠨ ᠡᠪᠯᠡᠯ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠭᠡᠯᠳᠡᠰ᠂ ᠵᠦᠪᠯᠡᠯ᠂ ᠠᠶᠢᠮᠠᠭ ᠤᠨ ᠬᠠᠮᠢᠶ᠎ᠠ ᠪᠦᠬᠦᠢ ᠵᠦᠪᠯᠡᠯ᠂ ᠠᠯᠪᠠᠨ ᠭᠡᠷ᠂ ᠲᠤᠪᠴᠢᠶ᠎ᠠ ᠪᠠ ᠡᠯ᠎ᠡ ᠤᠯᠠᠨ ᠲᠦᠮᠡᠨ ᠤ ᠪᠦᠯᠬᠦᠮ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号