ᠮᠠᠨ ᠤ ᠠᠶᠢᠮᠠᠭ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2018/5/11
    ᠦᠢᠷ᠎ᠠ ᠳᠤ᠂ ᠮᠠᠨ ᠤ ᠠᠶᠢᠮᠠᠭ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠦᠷᠨᠢᠬᠦᠯᠬᠦ ᠲᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠲᠤᠬᠠᠢ ᠰᠢᠢᠳᠪᠤᠷᠢᠳᠤ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠪᠦᠬᠦ ᠠᠶᠢᠮᠠᠭ ᠤᠨ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠳᠤ ᠪᠠᠶᠢᠷᠢᠯᠠᠭᠤᠯᠤᠯᠲᠠ ᠲᠠᠶᠢᠴᠢᠯᠠᠯᠲᠠ ᠬᠢᠪᠠ᠃     ᠲᠤᠰᠬᠠᠢ ᠴᠡᠭᠴᠡᠯᠡᠬᠦ ᠠᠵᠢᠯᠯᠠᠭ᠎ᠠ ᠨᠢ ᠭᠤᠤᠯᠳᠠᠭᠤ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠤ ᠤᠷᠤᠰᠢᠵᠤ ᠪᠠᠶᠢᠭ᠎ᠠ ︽ᠲᠦᠷᠪᠡᠨ ᠤᠬᠠᠮᠰᠠᠷ︾ ᠴᠢᠩᠭ᠎ᠠ ᠪᠤᠰᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠦᠭᠡᠢ᠂ ᠠᠵᠢᠯ ᠤᠨ ᠠᠷᠭ᠎ᠠ ᠪᠠᠷᠢᠯ ᠤᠨᠤᠪᠴᠢ ᠦᠭᠡᠢ᠂ ᠪᠡᠯᠡ ᠮᠦᠩᠬᠦ ᠶᠢᠨ ᠬᠠᠮᠢᠶᠠᠷᠤᠯᠳᠠ ᠭᠡᠷᠡᠭᠯᠡᠯᠳᠠ ᠲᠦᠷᠢᠮᠵᠢᠭᠡ ᠦᠭᠡᠢ᠂ ᠠᠵᠢᠯ ᠤᠨ ᠰᠤᠷᠳᠠᠯ ᠨᠠᠵᠠᠭᠠᠢ᠂ ᠰᠢᠯᠭᠠᠨ ᠦᠨᠡᠯᠡᠬᠦ ᠬᠢᠨᠠᠯᠳᠠ ᠲᠠᠯᠪᠢᠬᠤ ᠰᠤᠯᠠ ᠵᠠᠳᠠᠭᠠᠢ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠤᠷᠢᠯᠠᠨ᠎ᠠ᠃         ᠬᠤᠷᠠᠯ ᠠᠴᠠ ᠱᠠᠭᠠᠷᠳᠠᠬᠤ ᠳᠠᠭᠠᠨ᠂ ᠴᠢᠬᠤᠯᠠ ᠠᠵᠢᠯ ᠤᠨ ᠭᠤᠭᠴᠤᠭᠠᠨ ᠳᠠᠬᠢ ᠲᠤᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠵᠤ᠂ ᠲᠤᠬᠠᠢ ᠶᠢᠨ ᠭᠠᠵᠠᠷ ᠤᠷᠤᠨ ᠳᠤ ᠤᠷᠤᠰᠢᠵᠤ ᠪᠠᠶᠢᠭ᠎ᠠ ᠲᠦᠭᠡᠮᠡᠯ ᠴᠢᠨᠠᠷᠳᠠᠢ ᠠᠰᠠᠭᠤᠳᠠᠯ ᠳᠤ ᠴᠢᠭᠯᠡᠬᠦᠯᠦᠨ᠂ ᠲᠤᠰᠬᠠᠢ ᠴᠡᠭᠴᠡᠯᠡᠨ ᠰᠠᠶᠢᠵᠢᠷᠠᠭᠤᠯᠬᠤ ᠬᠦᠴᠦᠯᠡᠬᠦ ᠴᠡᠭ ᠢ ᠤᠯᠵᠤ᠂ ᠬᠦᠴᠦᠨ ᠢᠶᠠᠨ ᠲᠦᠪᠯᠡᠷᠡᠬᠦᠯᠦᠨ ᠪᠤᠭᠤᠮᠳᠠ ᠰᠢᠪᠳᠤᠯᠵᠤ᠂ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠶᠢ ᠰᠠᠶᠢᠳᠤᠷ ᠠᠳᠬᠤᠵᠤ᠂ ᠪᠤᠳᠠᠳᠠᠢ ᠴᠡᠭᠴᠡᠯᠡᠨ ᠵᠠᠰᠠᠬᠤ ᠭᠡᠷᠡᠭᠲᠡᠢ ᠭᠡᠪᠡ᠃         ᠠᠶᠢᠮᠠᠭ ᠤᠨ ᠤᠳᠤᠷᠢᠳᠤᠯᠭ᠎ᠠ ᠪᠤᠤ ᠬᠦᠸᠧ ᠴᠢᠤᠸᠠᠨ᠂ ᠸᠠᠩ ᠶᠦᠩ ᠮᠢᠩ᠂ ᠡᠩᠭᠡᠲᠦ᠋ᠪᠰᠢᠨ᠂ ᠰᠢᠩ ᠸᠧᠨ ᠹᠧᠩ᠂ ᠵᠠᠩ ᡁᠢ ᠵᠢᠶᠦ᠋ᠨ ᠬᠤᠷᠠᠯ ᠳᠤ ᠤᠷᠤᠯᠴᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号