ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/5/11
    5 ᠰᠠᠷ᠎ᠠ ᠶᠢᠨ 4᠎ ᠤ ᠦᠳᠡ ᠶᠢᠨ ᠬᠤᠶᠢᠨ᠎ᠠ᠂ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠲᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂ ᠥᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠶᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠦᠷᠢᠲᠤ ᠪᠠᠶᠢᠷᠢᠯᠠᠭᠤᠯᠤᠯᠲᠠ ᠲᠡᠭᠡᠷ᠎ᠡ ᠨᠢᠬᠡᠳᠦᠭᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠢᠯᠡᠯᠲᠠ ᠶᠢ ᠤᠯᠵᠦ᠂ ᠶᠠᠳᠠᠭᠤ ᠠᠴᠠ ᠠᠩᠬᠢᠵᠢᠷᠠᠭᠤᠯᠬᠤ ᠶᠢ ᠡᠩ ᠲᠡᠷᠢᠬᠦᠨ ᠳᠤ ᠴᠢᠨᠠᠷ ᠰᠠᠶᠢᠲᠠᠢ ᠪᠡᠶᠡᠯᠡᠬᠦᠯᠬᠦ ᠬᠡᠷᠡᠭᠲᠡᠢ ᠭᠡᠪᠡ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠬᠤᠷᠠᠯ ᠳᠤ ᠤᠷᠤᠯᠴᠠᠭᠰᠠᠨ ᠪᠦᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠤᠤ ᠭᠦᠸᠧ ᠴᠢᠤᠸᠠᠨ ᠬᠤᠷᠠᠯ ᠢ ᠡᠷᠬᠢᠯᠡᠪᠡ᠃ ᠠᠶᠢᠮᠠᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠠᠶᠢᠮᠠᠭ ᠤᠨ ᠲᠤᠮᠳᠠ ᠵᠡᠷᠭᠡ ᠶᠢᠨ ᠠᠷᠠᠳ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ᠂ ᠠᠶᠢᠮᠠᠭ ᠤᠨ ᠤᠯᠤᠰ ᠤᠨ ᠠᠮᠤᠷ ᠢ ᠬᠠᠮᠠᠭᠠᠯᠠᠬᠤ ᠲᠤᠪᠴᠢᠶ᠎ᠠ ᠶᠢᠨ ᠭᠤᠤᠯ ᠤᠳᠤᠷᠢᠳᠤᠯᠭ᠎ᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠡᠯ᠎ᠠ ᠬᠤᠰᠢᠭᠤ ᠰᠢᠶᠠᠨ ᠬᠤᠲᠠ ︵ᠤᠷᠤᠨ︶᠎ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠶᠠᠳᠠᠭᠤ ᠶᠢ ᠳᠡᠳᠬᠦᠬᠦ ᠠᠯᠪᠠᠨ ᠬᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ ᠤᠷᠤᠨ ᠠᠴᠠ ᠲᠤᠮᠢᠯᠠᠭᠰᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠲᠤᠭᠤᠢᠢᠯᠠᠩ ᠤᠨ ᠳᠠᠷᠤᠭ᠎ᠠ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃         ᠯᠦᠸᠧ ᠬᠤ᠋ ᠽᠠᠢ ᠱᠠᠭᠠᠷᠳᠠᠬᠤ ᠳᠠᠭᠠᠨ᠂ ᠡᠬᠦᠷᠭᠡ ᠬᠠᠷᠠᠯᠳᠠ᠂ ᠠᠰᠠᠭᠤᠳᠠᠯ ᠤᠨ ᠤᠳᠤᠷᠢᠳᠤᠮᠵᠢ᠂ ᠠᠷᠭ᠎ᠠ ᠪᠤᠳᠤᠯᠭ᠎ᠠ ᠶᠢ ᠤᠨᠢᠨ ᠲᠡᠭᠡᠷ᠎ᠡ ᠨᠢ ᠭᠡᠷᠡᠭᠵᠢᠬᠦᠯᠬᠦ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠦ᠂ ᠠᠰᠠᠭᠤᠳᠠᠯ ᠢ ᠢᠯᠡᠷᠡᠬᠦᠯᠦᠨ ᠵᠠᠰᠠᠨ ᠰᠠᠶᠢᠵᠢᠷᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠦᠷ᠎ᠡ ᠪᠦᠳᠦᠮᠵᠢ ᠶᠢ ᠪᠠᠲᠤᠯᠠᠬᠤ ᠭᠡᠷᠡᠭᠲᠡᠢ᠃ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠬᠡᠷᠡᠭᠯᠡᠯᠲᠡ ᠬᠠᠮᠢᠶᠠᠷᠤᠯᠳᠠ ᠶᠢ ᠴᠢᠩᠭᠠᠳᠬᠠᠵᠦ᠂ ᠶᠠᠳᠠᠭᠤ ᠬᠦᠴᠢᠷᠳᠡᠯᠲᠠᠢ ᠤᠯᠠᠨ ᠲᠦᠮᠡᠨ ᠤ ᠲᠤᠲᠤᠭᠠᠲᠤ ᠭᠦᠳᠡᠯᠬᠡᠬᠦ ᠬᠦᠴᠦᠨ ᠢ ᠭᠦᠭᠵᠢᠬᠡᠵᠦ᠂ ᠶᠠᠳᠠᠭᠤ ᠠᠴᠠ ᠠᠩᠬᠢᠵᠢᠷᠠᠭᠤᠯᠬᠤ ᠰᠠᠭᠤᠷᠢ ᠶᠢ ᠰᠠᠶᠢᠨ ᠲᠠᠯᠪᠢᠵᠦ᠂ ᠶᠠᠳᠠᠭᠤ ᠠᠴᠠ ᠠᠩᠬᠢᠵᠢᠷᠠᠭᠤᠯᠬᠤ ᠴᠢᠨᠠᠷ ᠢ ᠪᠠᠲᠤᠯᠠᠬᠤ ᠭᠡᠷᠡᠭᠲᠡᠢ ᠭᠡᠪᠡ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ︽ᠲᠠᠪᠤᠨ ᠱᠠᠲᠤᠨ ᠤ ᠱᠦᠵᠢ ᠬᠠᠮᠲᠤᠪᠡᠷ ᠠᠳᠬᠤᠬᠤ︾ ᠱᠠᠭᠠᠷᠳᠠᠯᠭ᠎ᠠ ᠶᠢ ᠬᠢᠨᠠᠮᠠᠭᠠᠢ ᠭᠡᠷᠡᠭᠵᠢᠬᠦᠯᠵᠦ᠂ ᠠᠶᠢᠮᠠᠭ ᠪᠠ ᠬᠤᠰᠢᠭᠤ ᠰᠢᠶᠠᠨ ᠤ ᠱᠠᠲᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠴᠢᠩᠭᠠᠳᠬᠠᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠪᠤᠳᠠᠳᠠᠶᠢᠵᠢᠭᠤᠯᠬᠤ ᠬᠠᠷᠢᠭᠤᠴᠠᠯᠭ᠎ᠠ ᠪᠠᠨ ᠴᠢᠩᠭᠠᠳᠬᠠᠵᠦ᠂ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠭᠡᠷᠡᠭᠵᠢᠬᠦᠯᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠰᠤᠷᠳᠠᠯ ᠤᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠶᠢ ᠯᠠᠪᠳᠠᠭᠤᠨ ᠠᠬᠢᠭᠤᠯᠵᠦ᠂ ᠶᠠᠳᠠᠭᠤ ᠶᠢ ᠳᠡᠳᠬᠦᠬᠦ ᠬᠦᠷᠢᠶᠡᠨ ᠳᠠᠬᠢ ᠢᠯᠵᠡᠷᠡᠯ ᠪᠠ ᠰᠤᠷᠳᠠᠯ ᠤᠨ ᠠᠰᠠᠭᠤᠳᠠᠯ ᠢ ᠴᠡᠭᠴᠡᠯᠡᠬᠦ ᠠᠵᠢᠯᠯᠠᠭ᠎ᠠ ᠶᠢ ᠬᠦᠨᠵᠡᠬᠡᠢ ᠠᠬᠢᠭᠤᠯᠬᠤ ᠭᠡᠷᠡᠭᠲᠡᠢ᠃ ᠪᠡᠬᠡᠵᠢᠩ ᠠᠴᠠ ᠥᠪᠥᠷ ᠮᠤᠩᠭᠤᠯ ᠢ ᠬᠠᠪᠰᠤᠷᠤᠨ ᠲᠡᠳᠬᠦᠬᠦ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠢᠳᠡᠪᠬᠢᠲᠠᠢ ᠦᠢᠯᠡᠳᠦᠯᠬᠡᠵᠢᠬᠦᠯᠵᠦ᠂ ᠲᠤᠰᠬᠠᠢ ᠲᠦᠷᠦᠯ ᠢᠶᠠᠷ ᠶᠠᠳᠠᠭᠤ ᠶᠢ ᠳᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠭᠦᠭᠦ᠂ ᠨᠡᠶᠢᠬᠡᠮ ᠠᠴᠠ ᠶᠠᠳᠠᠭᠤ ᠶᠢ ᠳᠡᠳᠬᠦᠬᠦ ᠶᠢ ᠤᠷᠭᠠᠨᠢᠭ ᠢᠶᠠᠷ ᠤᠶᠠᠯᠳᠤᠭᠤᠯᠬᠤ ᠭᠡᠷᠡᠭᠲᠡᠢ ᠭᠡᠪᠡ ᠃         ᠾᠦᠸᠧ ᠵᠤᠤ ᠯᠢᠶᠠᠩ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠡᠷᠭᠡᠪᠰᠢ ᠠᠵᠢᠯ ᠤᠨ ᠠᠷᠭ᠎ᠠ ᠬᠡᠮᠵᠢᠶ᠎ᠡ ᠪᠠᠨ ᠡᠷᠴᠢᠮᠵᠢᠬᠦᠯᠵᠤ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠬᠦᠯ ᠮᠡᠨᠲᠤ ᠪᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠨᠡᠬᠦᠯᠬᠡᠨ ᠰᠢᠯᠵᠢᠬᠦᠯᠬᠦ ᠵᠡᠷᠭᠡ ᠭᠤᠤᠯᠳᠠᠯᠭᠠᠲᠤ ᠠᠵᠢᠯ ᠢ ᠰᠠᠶᠢᠲᠤᠷ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠲᠡᠭᠦᠰ ᠠᠮᠵᠢᠯᠲᠠ ᠶᠢ ᠤᠯᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号