4 ᠰᠠᠷ᠎ᠡ ᠶᠢᠨ 27 ᠤ ᠡᠳᠤᠷ ᠪᠦᠬᠦ ᠠᠶᠢᠮᠠᠭ ᠤᠨ ︽5 · 4︾ ᠶᠢᠨ ᠬᠦᠳᠡᠯᠭᠡᠭᠡᠨ ᠤ 99 ᠵᠢᠯ ᠤᠨ ᠤᠢ ᠶᠢ | ᠲᠤᠷᠠᠰᠬᠠᠬᠤ ᠵᠢᠴᠢ ᠰᠠᠶᠢᠰᠢᠶᠠᠨ ᠬᠦᠬᠢᠬᠦᠯᠬᠦ ᠶᠡᠭᠡ ᠬᠤᠷᠠᠯ ᠰᠢᠯᠢ ᠶᠢᠨ ᠬᠤᠳᠠ ᠳᠤ ᠬᠤᠷᠠᠯᠳᠤᠵᠤ᠂ ︽ | ᠵᠠᠯᠠᠭᠤᠴᠤᠳ ᠤᠨ 5 · 4 ᠶᠢᠨ ᠮᠧᠳᠠᠯ︾ ︽ᠭᠠᠷᠮᠠᠭᠠᠢ ︵ᠰᠢᠯᠢᠳᠡᠭ︶ ᠵᠠᠯᠠᠭᠤ ᠬᠠᠮᠠᠭᠠᠯᠠᠭᠴᠢ︾ ︽ᠵᠠᠯᠠᠭᠤᠴᠤᠳ | ᠪᠠᠭᠠᠴᠤᠳ ᠤᠨ ᠡᠷᠭᠡ ᠠᠰᠢᠭ ᠢ ᠬᠠᠮᠠᠭᠠᠯᠠᠭᠰᠠᠨ ᠠᠵᠢᠯ ᠤᠨ ᠪᠠᠶᠢᠷᠢ︾ ︽ᠪᠤᠯᠪᠠᠰᠤᠨ ᠰᠠᠶᠢᠨ ᠵᠠᠯᠠᠭᠤ︾᠂ | ᠰᠢᠯᠢᠳᠡᠭ ᠡᠪᠯᠡᠯ ᠤᠨ ᠭᠡᠰᠢᠬᠦᠨ ᠡᠪᠯᠡᠯ ᠤᠨ ᠺᠠᠳ᠋ᠷ᠂ ︽5 · 4 ᠶᠢᠨ ᠤᠯᠠᠭᠠᠨ ᠲᠤᠭᠴᠢ︾ ᠡᠪᠯᠡᠯ ᠤᠨ ᠬᠤᠷᠢᠶ᠎ᠠ | ᠡᠪᠯᠡᠯ ᠤᠨ ᠡᠬᠦᠷ ︵ᠶᠡᠷᠦᠩᠭᠡᠢ ᠡᠬᠦᠷ︶ ᠵᠡᠷᠭᠡ ᠲᠡᠷᠢᠬᠦᠨ ᠤ ᠬᠠᠮᠳᠤ ᠨᠢᠭᠡᠴᠡ ᠪᠠ ᠬᠤᠪᠢ ᠬᠦᠮᠦᠨ ᠢ ᠰᠠᠶᠢᠰᠢᠶᠠᠨ | ᠬᠦᠬᠢᠬᠦᠯᠬᠦ ᠶᠢᠨ ᠬᠠᠮᠳᠤ ᠰᠢᠨ᠎ᠠ ᠡᠪᠯᠡᠯ ᠤᠨ ᠭᠡᠰᠢᠬᠦᠨ ᠡᠪᠯᠡᠯ ᠳᠤ ᠤᠷᠤᠬᠤ ᠪᠠᠷ ᠲᠠᠩᠭᠠᠷᠢᠭᠯᠠᠬᠤ ᠪᠠ ᠦᠨᠳᠤᠰᠤᠨ | ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠪᠤᠤ ᠬᠦᠸᠧ ᠴᠢᠤᠸᠠᠨ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ | ᠲᠠᠷᠤᠭ᠎ᠠ ᠰᠠᠷᠠᠨᠴᠢᠮᠡᠭ ᠬᠤᠷᠠᠯ ᠡᠷᠬᠢᠯᠡᠵᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ | ᠡᠷᠳᠡᠨᠢᠮᠦ᠋ᠩᠭᠡ ᠬᠤᠷᠠᠯ ᠳᠤ ᠤᠷᠤᠯᠴᠠᠵᠠᠢ᠃ | ᠬᠤᠷᠠᠯ ᠠᠴᠠ ᠵᠢᠭᠠᠬᠤ ᠳᠠᠭᠠᠨ᠂ ᠪᠦᠬᠦ ᠠᠶᠢᠮᠠᠭ ᠤᠨ ᠦᠷᠭᠡᠨ ᠤᠯᠠᠨ ᠵᠠᠯᠠᠭᠤᠴᠤᠳ ︽ᠲᠦᠷᠪᠡᠨ ᠤᠬᠠᠮᠰᠠᠷ︾ | ᠢᠶᠠᠨ ᠪᠠᠳᠤᠳᠬᠠᠵᠤ᠂ ︽ᠲᠦᠷᠪᠡᠨ ᠢᠳᠡᠭᠡᠯ︾ ᠢᠶᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠲᠦ | ᠭᠡᠮᠵᠢᠶ᠎ᠠ ᠪᠠᠷ ᠨᠢᠭᠡᠲᠦᠯᠲᠡᠢ ᠪᠠᠶᠢᠯᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠳᠦᠭᠴᠢ᠂ | ᠬᠠᠮᠠᠭᠠᠯᠠᠭᠴᠢ ᠪᠠ ᠪᠦᠲᠦᠭᠡᠨ ᠪᠠᠶᠢᠭᠤᠯᠤᠭᠴᠢ ᠪᠤᠯᠵᠤ᠂ ᠴᠢᠳᠠᠪᠤᠷᠢ ᠪᠠᠨ ᠲᠡᠭᠡᠭᠰᠢᠯᠡᠬᠦᠯᠵᠤ᠂ ᠵᠤᠷᠢᠭᠳᠠᠢ ᠪᠠᠷ | ᠰᠢᠨ᠎ᠠ ᠶᠢ ᠡᠬᠦᠳᠴᠤ᠂ ᠪᠤᠯᠪᠠᠰᠤᠨ ᠰᠤᠷᠳᠠᠯ ᠢ ᠪᠠᠳᠠᠷᠠᠭᠤᠯᠬᠤ ᠭᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ | ᠡᠪ ᠬᠠᠮᠳᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ | ᠵᠠᠯᠠᠭᠤᠴᠤᠳ ᠤᠨ ᠡᠪᠯᠡᠯ ᠤᠨ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ | ᠵᠠᠯᠠᠭᠤᠴᠤᠳ ᠤᠨ ᠡᠪᠯᠡᠯ ᠤᠨ ᠠᠵᠢᠯ ᠳᠤ ᠰᠠᠶᠢᠨ ᠰᠠᠶᠢᠬᠠᠨ ᠤᠷᠴᠢᠨ ᠢ ᠡᠬᠦᠳᠬᠦ ᠭᠡᠷᠡᠭᠲᠡᠢ᠃ ᠪᠦᠬᠦ ᠠᠶᠢᠮᠠᠭ ᠤᠨ | ᠡᠯ᠎ᠡ ᠱᠠᠳᠤᠨ ᠤ ᠡᠪᠯᠡᠯ ᠤᠨ ᠵᠤᠬᠢᠶᠠᠨ ᠪᠠᠶᠢᠭᠤᠯᠤᠯᠲᠠ ᠵᠠᠯᠠᠭᠤᠴᠤᠳ ᠤᠨ ᠡᠪᠯᠡᠯ ᠳᠤ ᠦᠭᠡᠷᠡᠴᠢᠯᠡᠯᠲᠡ ᠬᠢᠬᠦ | ᠲᠤᠬᠢᠶᠠᠯ ᠢ ᠠᠳᠬᠤᠵᠤ᠂ ᠪᠦᠬᠦ ᠠᠶᠢᠮᠠᠭ ᠤᠨ ᠠᠵᠢᠯ ᠤᠨ ᠶᠡᠭᠡ ᠲᠠᠯ᠎ᠠ ᠶᠢᠨ ᠲᠤᠮᠳᠠ ᠠᠵᠢᠯ ᠤᠨ ᠭᠠᠷᠳᠠᠴᠠ ᠪᠠᠨ | ᠤᠨᠤᠪᠴᠢᠳᠠᠢ ᠤᠯᠵᠤ᠂ ᠦᠷᠭᠡᠨ ᠤᠯᠠᠨ ᠵᠠᠯᠠᠭᠤᠴᠤᠳ ᠢ ᠲᠠᠭᠠᠭᠤᠯᠤᠨ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠡᠯ᠎ᠡ ᠲᠠᠯ᠎ᠠ ᠶᠢᠨ ᠦᠢᠯᠡᠰ ᠲᠤ ᠰᠢᠨ᠎ᠠ ᠦᠷ᠎ᠠ ᠪᠦᠲᠦᠮᠵᠢ ᠭᠠᠷᠭᠠᠬᠤ ᠭᠡᠷᠡᠭᠲᠡᠢ ᠭᠡᠪᠡ᠃ | ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ ᠡᠪᠯᠡᠯ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ | ᠬᠤᠷᠢᠶᠠᠨ ᠤ ᠬᠠᠮᠢᠶ᠎ᠠ ᠪᠦᠬᠦᠢ ᠭᠡᠯᠳᠡᠰ᠂ ᠵᠦᠪᠯᠡᠯ᠂ ᠠᠶᠢᠮᠠᠭ ᠤᠨ ᠬᠠᠮᠢᠶ᠎ᠠ ᠪᠦᠬᠦᠢ ᠵᠦᠪᠯᠡᠯ᠂ ᠠᠯᠪᠠᠨ ᠭᠡᠷ᠂ | ᠲᠤᠪᠴᠢᠶ᠎ᠠ ᠪᠠ ᠡᠯ᠎ᠡ ᠤᠯᠠᠨ ᠲᠦᠮᠡᠨ ᠤ ᠪᠦᠯᠬᠦᠮ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ |