ᠦᠢᠷ᠎ᠠ ᠳᠤ᠂ ᠮᠠᠨ ᠤ ᠠᠶᠢᠮᠠᠭ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ ᠰᠤᠷᠳᠠᠯ ᠤᠨ ᠠᠰᠠᠭᠤᠳᠠᠯ ᠢ | ᠲᠤᠰᠬᠠᠢ ᠴᠡᠭᠴᠡᠯᠡᠬᠦ ᠠᠵᠢᠯᠯᠠᠭ᠎ᠠ ᠦᠷᠨᠢᠬᠦᠯᠬᠦ ᠲᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠦᠪ | ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠲᠤᠬᠠᠢ ᠰᠢᠢᠳᠪᠤᠷᠢᠳᠤ | ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠪᠦᠬᠦ ᠠᠶᠢᠮᠠᠭ ᠤᠨ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ | ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠳᠤ ᠪᠠᠶᠢᠷᠢᠯᠠᠭᠤᠯᠤᠯᠲᠠ ᠲᠠᠶᠢᠴᠢᠯᠠᠯᠲᠠ ᠬᠢᠪᠠ᠃ | ᠲᠤᠰᠬᠠᠢ ᠴᠡᠭᠴᠡᠯᠡᠬᠦ ᠠᠵᠢᠯᠯᠠᠭ᠎ᠠ ᠨᠢ ᠭᠤᠤᠯᠳᠠᠭᠤ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠤ | ᠤᠷᠤᠰᠢᠵᠤ ᠪᠠᠶᠢᠭ᠎ᠠ ︽ᠲᠦᠷᠪᠡᠨ ᠤᠬᠠᠮᠰᠠᠷ︾ ᠴᠢᠩᠭ᠎ᠠ ᠪᠤᠰᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ | ᠦᠭᠡᠢ᠂ ᠠᠵᠢᠯ ᠤᠨ ᠠᠷᠭ᠎ᠠ ᠪᠠᠷᠢᠯ ᠤᠨᠤᠪᠴᠢ ᠦᠭᠡᠢ᠂ ᠪᠡᠯᠡ ᠮᠦᠩᠬᠦ ᠶᠢᠨ ᠬᠠᠮᠢᠶᠠᠷᠤᠯᠳᠠ ᠭᠡᠷᠡᠭᠯᠡᠯᠳᠠ | ᠲᠦᠷᠢᠮᠵᠢᠭᠡ ᠦᠭᠡᠢ᠂ ᠠᠵᠢᠯ ᠤᠨ ᠰᠤᠷᠳᠠᠯ ᠨᠠᠵᠠᠭᠠᠢ᠂ ᠰᠢᠯᠭᠠᠨ ᠦᠨᠡᠯᠡᠬᠦ ᠬᠢᠨᠠᠯᠳᠠ ᠲᠠᠯᠪᠢᠬᠤ ᠰᠤᠯᠠ ᠵᠠᠳᠠᠭᠠᠢ | ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠤᠷᠢᠯᠠᠨ᠎ᠠ᠃ | ᠬᠤᠷᠠᠯ ᠠᠴᠠ ᠱᠠᠭᠠᠷᠳᠠᠬᠤ ᠳᠠᠭᠠᠨ᠂ ᠴᠢᠬᠤᠯᠠ ᠠᠵᠢᠯ ᠤᠨ ᠭᠤᠭᠴᠤᠭᠠᠨ ᠳᠠᠬᠢ ᠲᠤᠪᠤᠶᠢᠮ᠎ᠠ ᠠᠰᠠᠭᠤᠳᠠᠯ ᠢ | ᠴᠢᠩᠭ᠎ᠠ ᠪᠠᠶᠢᠴᠠᠭᠠᠵᠤ᠂ ᠲᠤᠬᠠᠢ ᠶᠢᠨ ᠭᠠᠵᠠᠷ ᠤᠷᠤᠨ ᠳᠤ ᠤᠷᠤᠰᠢᠵᠤ ᠪᠠᠶᠢᠭ᠎ᠠ ᠲᠦᠭᠡᠮᠡᠯ ᠴᠢᠨᠠᠷᠳᠠᠢ | ᠠᠰᠠᠭᠤᠳᠠᠯ ᠳᠤ ᠴᠢᠭᠯᠡᠬᠦᠯᠦᠨ᠂ ᠲᠤᠰᠬᠠᠢ ᠴᠡᠭᠴᠡᠯᠡᠨ ᠰᠠᠶᠢᠵᠢᠷᠠᠭᠤᠯᠬᠤ ᠬᠦᠴᠦᠯᠡᠬᠦ ᠴᠡᠭ ᠢ ᠤᠯᠵᠤ᠂ | ᠬᠦᠴᠦᠨ ᠢᠶᠠᠨ ᠲᠦᠪᠯᠡᠷᠡᠬᠦᠯᠦᠨ ᠪᠤᠭᠤᠮᠳᠠ ᠰᠢᠪᠳᠤᠯᠵᠤ᠂ ᠶᠠᠳᠠᠭᠤ ᠶᠢ ᠲᠡᠳᠬᠦᠬᠦ ᠬᠦᠷᠢᠶ᠎ᠠ ᠭᠡᠪᠴᠢᠶᠠᠨ ᠳᠠᠬᠢ | ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠶᠢ ᠰᠠᠶᠢᠳᠤᠷ ᠠᠳᠬᠤᠵᠤ᠂ ᠪᠤᠳᠠᠳᠠᠢ ᠴᠡᠭᠴᠡᠯᠡᠨ | ᠵᠠᠰᠠᠬᠤ ᠭᠡᠷᠡᠭᠲᠡᠢ ᠭᠡᠪᠡ᠃ | ᠠᠶᠢᠮᠠᠭ ᠤᠨ ᠤᠳᠤᠷᠢᠳᠤᠯᠭ᠎ᠠ ᠪᠤᠤ ᠬᠦᠸᠧ ᠴᠢᠤᠸᠠᠨ᠂ ᠸᠠᠩ ᠶᠦᠩ ᠮᠢᠩ᠂ ᠡᠩᠭᠡᠲᠦ᠋ᠪᠰᠢᠨ᠂ ᠰᠢᠩ ᠸᠧᠨ | ᠹᠧᠩ᠂ ᠵᠠᠩ ᡁᠢ ᠵᠢᠶᠦ᠋ᠨ ᠬᠤᠷᠠᠯ ᠳᠤ ᠤᠷᠤᠯᠴᠠᠵᠠᠢ᠃ |