5 ᠰᠠᠷ᠎ᠠ ᠶᠢᠨ 7 ᠤ ᠡᠳᠦᠷ᠂ ᠮᠤᠩᠭᠤᠯ ᠤᠯᠤᠰ ᠤᠨ ᠲᠤᠷᠤᠨᠠᠭᠤᠪᠢ ᠠᠶᠢᠮᠠᠭ ᠤᠨ ᠠᠶᠢᠮᠠᠭ ᠤᠨ ᠲᠠᠷᠤᠭ᠎ᠠ ᠲ᠊ | · ᠡᠩᠭᠡᠲᠦ᠋ᠪᠰᠢᠨ ᠲᠦᠯᠦᠭᠡᠯᠡᠭᠴᠢᠳ ᠤᠨ ᠪᠦᠯᠬᠦᠮ ᠲᠡᠭᠠᠭᠤᠯᠤᠨ ᠮᠠᠨ ᠤ ᠠᠶᠢᠮᠠᠭ ᠲᠤ ᠠᠶᠢᠯᠴᠢᠯᠠᠯᠳᠠ ᠬᠢᠵᠤ᠂ | ᠬᠤᠶᠠᠷ ᠲᠠᠯ᠎ᠠ ᠶᠢᠨ ᠠᠷᠠᠯᠵᠢᠶ᠎ᠠ ᠬᠤᠳᠠᠯᠳᠤᠭ᠎ᠠ᠂ ᠬᠢᠯᠢ ᠰᠤᠨᠳᠠᠯᠠᠭᠰᠠᠨ ᠵᠤᠭᠠᠴᠠᠯ᠂ ᠰᠤᠶᠤᠯ ᠰᠤᠷᠭᠠᠨ ᠬᠦᠮᠦᠵᠢᠯ᠂ | ᠮᠠᠯ ᠠᠵᠤ ᠠᠬᠤᠢ ᠵᠢᠴᠢ ᠡᠮ ᠡᠮᠨᠡᠯᠭᠡ ᠶᠢᠨ ᠬᠦᠷᠢᠶ᠎ᠠ ᠭᠡᠪᠴᠢᠶᠠᠨ ᠳᠠᠬᠢ ᠬᠠᠮᠳᠤᠷᠠᠯᠴᠠᠭ᠎ᠠ ᠪᠠᠨ ᠬᠦᠭᠵᠢᠬᠦᠯᠬᠦ ᠲᠤᠬᠠᠢ | ᠭᠡᠯᠡᠯᠴᠡᠭᠡ ᠬᠢᠵᠤ᠂ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ | ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ | ᠡᠷᠬᠢᠯᠡᠭᠴᠢ ᠭᠡᠰᠢᠭᠪᠦ᠋ᠷᠢᠨ ᠪᠠᠷ᠎ᠠ ᠪᠤᠯᠵᠤ ᠲᠤᠭᠤᠷᠢᠨ ᠪᠠᠶᠢᠴᠠᠭᠠᠵᠤ᠂ ᠠᠶᠢᠮᠠᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠲᠤᠤ ᠹᠦ᠋᠂ ᠠᠶᠢᠮᠠᠭ ᠤᠨ | ᠳᠡᠳ᠋ ᠳᠠᠷᠤᠭ᠎ᠠ ᠮᠧᠩ ᠵᠤᠤ ᠵᠢᠶᠦ᠋ᠨ ᠶᠠᠷᠢᠯᠴᠠᠬᠤ ᠬᠤᠷᠠᠯ ᠳᠤ ᠤᠷᠤᠯᠴᠠᠪᠠ᠃ ᠮᠧᠩ ᠵᠤᠤ ᠵᠢᠶᠦ᠋ᠨ | ᠢᠯᠡᠷᠭᠡᠶᠢᠯᠡᠬᠦ ᠳᠡᠭᠡᠨ᠂ ᠲᠤᠰ ᠤᠳᠠᠭᠠᠨ ᠤ ᠠᠶᠢᠯᠴᠢᠯᠠᠯᠳᠠ ᠪᠠᠷ ᠲᠠᠮᠵᠢᠨ ᠬᠤᠶᠠᠷ ᠭᠠᠵᠠᠷ ᠤᠯᠠᠨ ᠲᠠᠯ᠎ᠠ ᠶᠢᠨ᠂ | ᠤᠯᠠᠨ ᠬᠦᠷᠢᠶ᠎ᠠ ᠭᠡᠪᠴᠢᠶᠠᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠤᠯᠠᠮ ᠴᠢᠩᠭᠠᠳᠬᠠᠬᠤ ᠶᠢ ᠬᠦᠰᠡᠵᠤ | ᠪᠠᠶᠢᠨ᠎ᠠ ᠭᠡᠪᠡ᠃ ᠲ᠊ · ᠡᠩᠭᠡᠲᠦ᠋ᠪᠰᠢᠨ ᠲᠤᠰ ᠤᠳᠠᠭᠠᠨ ᠤ ᠠᠶᠢᠯᠴᠢᠯᠠᠯᠳᠠ ᠶᠢᠨ ᠵᠤᠷᠢᠯᠳᠠ ᠪᠠᠨ ᠲᠠᠨᠢᠯᠴᠠᠭᠤᠯᠵᠤ᠂ | ᠠᠷᠠᠯᠵᠢᠶ᠎ᠠ ᠬᠤᠳᠠᠯᠳᠤᠭ᠎ᠠ᠂ ᠰᠤᠶᠤᠯ ᠵᠤᠭᠠᠴᠠᠯ᠂ ᠰᠤᠷᠭᠠᠨ ᠬᠦᠮᠦᠵᠢᠯ ᠡᠮ ᠡᠮᠨᠡᠯᠭᠡ᠂ ᠮᠠᠯ ᠤᠨ ᠠᠰᠢᠭ ᠰᠢᠮ᠎ᠠ ᠶᠢᠨ | ᠪᠦᠲᠦᠭᠡᠭᠲᠡᠬᠦᠨ ᠢ ᠪᠤᠷᠤᠯᠠᠭᠤᠯᠬᠤ ᠵᠡᠷᠭᠡ ᠲᠠᠯ᠎ᠠ ᠳᠤ ᠬᠠᠮᠳᠤᠷᠠᠯᠴᠠᠬᠤ ᠰᠠᠨᠠᠯ ᠢᠶᠠᠨ ᠢᠯᠡᠳᠭᠡᠵᠡᠢ᠃ |