ᠨᠢᠭᠡᠳᠦᠬᠡᠷ ᠤᠯᠠᠷᠢᠯ ᠳᠤ᠂ ᠮᠠᠨ ᠤ ᠠᠶᠢᠮᠠᠭ ᠤᠨ ᠭᠤᠤᠯ ᠪᠤᠯᠬᠤ ᠠᠵᠦ ᠠᠬᠤᠢ ᠶᠢᠨ ᠵᠢᠭᠠᠯᠲᠠ ᠲᠤᠭ᠎ᠠ ᠶᠢᠨ | ᠨᠡᠮᠡᠭᠳᠡᠭᠰᠡᠨ ᠬᠤᠷᠳᠤᠴᠠ ᠪᠦᠬᠦ ᠤᠷᠤᠨ ᠳᠤ ᠲᠦᠷᠦᠬᠦᠦ ᠬᠡᠲᠤᠨ ᠨᠡᠷᠡᠰ ᠲᠤ ᠤᠷᠤᠵᠦ᠂ ᠠᠵᠦ ᠠᠬᠤᠢ ᠶᠢᠨ | ᠡᠷᠬᠢᠯᠳᠡ ᠶᠢᠨ ᠪᠠᠶᠢᠳᠠᠯ ᠰᠠᠶᠢᠨ ᠪᠠᠶᠢᠵᠦ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ | ᠤᠷᠤᠭᠤᠯᠤᠯᠲᠠ ᠶᠢᠨ ᠨᠡᠮᠡᠭᠳᠡᠯ 1. 6% ᠬᠦᠷᠴᠦ᠂ ᠪᠦᠬᠦ ᠤᠷᠤᠨ ᠳᠤ ᠲᠦᠷᠦᠭᠦᠯᠡᠪᠡ᠃ | ᠨᠢᠬᠡᠳᠦᠬᠡᠷ ᠤᠯᠠᠷᠢᠯ ᠳᠤ᠂ ᠪᠦᠬᠦ ᠠᠶᠢᠮᠠᠭ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠨᠢᠬᠡ᠂ ᠬᠤᠶᠠᠷ᠂ ᠭᠤᠷᠪᠠᠳᠤᠭᠠᠷ ᠠᠵᠦ | ᠦᠢᠯᠡᠰ ᠤᠨ ᠨᠡᠮᠡᠭᠳᠡᠯ ᠦᠷᠳᠡᠭ ᠨᠢ ᠲᠤᠰ ᠲᠤᠰ 3.3%᠂ 4.3%᠂ 4.7% ᠪᠠᠷ ᠨᠡᠮᠡᠭᠳᠡᠵᠦ᠂ ᠨᠡᠶᠢᠬᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 7. | 5% ᠪᠠᠷ ᠨᠡᠮᠡᠭᠳᠡᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ 18.8 ᠳ᠋ᠦᠩᠰᠢᠭᠤᠷ ᠲᠦᠭᠦᠷᠢᠭ | ᠬᠦᠷᠴᠠᠢ᠃ | ᠤᠳᠤᠬᠠᠨ ᠳᠤ᠂ ᠪᠦᠬᠦ ᠠᠶᠢᠮᠠᠭ ᠢᠶᠠᠷ ᠢᠶᠠᠨ ᠨᠡᠶᠢᠳᠡ 503 ᠲᠦᠮᠡᠨ ᠲᠦᠯ ᠲᠤᠰᠴᠤ᠂ ᠤᠨᠳᠤᠷᠤᠯᠳᠠ ᠶᠢᠨ | ᠨᠤᠷᠮ᠎ᠠ ᠨᠢ 99.7% ᠬᠦᠷᠴᠦ ᠪᠠᠶᠢᠨ᠎ᠠ᠃ ︽ᠬᠤᠨᠢ ᠶᠢ ᠴᠦᠬᠡᠳᠭᠡᠵᠦ ᠦᠬᠡᠷ ᠢ ᠨᠡᠮᠡᠭᠳᠡᠬᠦᠯᠬᠦ︾ ᠪᠠᠶᠢᠯᠳᠤᠬᠤ | ᠪᠤᠳᠤᠯᠭ᠎ᠠ ᠶᠢ ᠨᠡᠶᠢᠳᠠᠪᠤᠷᠢᠵᠢᠭᠤᠯᠤᠭᠰᠠᠨ ᠲᠠᠯ᠎ᠠ ᠪᠠᠷ᠂ ᠪᠤᠳᠠ ᠮᠠᠯ ᠤᠨ ᠲᠦᠯ ᠠᠳᠠᠯᠢ ᠬᠤᠭᠤᠴᠠᠭᠠᠨ ᠤ ᠬᠢ ᠠᠴᠠ 3. | 9 ᠲᠦᠮᠡ ᠨᠡᠮᠡᠭᠳᠡᠵᠦ᠂ ᠪᠤᠭ ᠮᠠᠯ ᠤᠨ ᠲᠦᠯ ᠠᠳᠠᠯᠢ ᠬᠤᠭᠤᠴᠠᠭᠠᠨ ᠤ ᠬᠢ ᠠᠴᠠ 85 ᠲᠦᠮᠡ ᠪᠠᠭᠠᠰᠴᠠᠢ᠃ | ᠡᠬᠦᠨ ᠤ ᠬᠠᠮᠲᠤ ᠲᠠᠷᠢᠶᠠᠨ ᠤ ᠦᠷ᠎ᠡ᠂ ᠲᠠᠷᠢᠶᠠᠯᠠᠬᠤ ᠮᠠᠰᠢᠨ ᠪᠠᠭᠠᠵᠢ ᠵᠡᠷᠭᠡ ᠡᠳ᠋ ᠪᠤᠳᠠᠰ ᠤᠨ ᠨᠦᠬᠡᠴᠡ ᠪᠠ ᠪᠡᠯᠡ | ᠮᠦᠩᠬᠦ ᠴᠤᠭᠯᠠᠭᠤᠯᠬᠤ ᠠᠵᠢᠯ ᠠᠯᠬᠤᠮ ᠲᠠᠷᠠᠭ᠎ᠠ ᠲᠠᠢ ᠶᠠᠪᠤᠭᠳᠠᠵᠦ᠂ ᠲᠦᠯᠦᠪᠯᠡᠭᠰᠡᠨ ᠲᠠᠷᠢᠬᠤ ᠲᠠᠯᠠᠪᠠᠢ 360 | ᠲᠦᠮᠡᠨ ᠮᠤ᠋ ᠬᠦᠷᠦᠨ᠎ᠡ᠃ | ᠪᠦᠬᠦ ᠠᠶᠢᠮᠠᠭ ᠤᠨ 275 ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ | ᠦᠢᠯᠡᠳᠬᠦᠨ ᠤ ᠦᠷᠳᠡᠭ 125 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ | 16% ᠪᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠤᠨ | ᠨᠡᠮᠡᠭᠳᠡᠭᠰᠡᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠪᠦᠬᠦ ᠤᠷᠤᠨ ᠳᠤ | ᠲᠠᠪᠤᠳᠤᠭᠠᠷ ᠲᠤ ᠤᠷᠤᠵᠠᠢ᠃ | ᠭᠤᠷᠪᠠᠳᠤᠭᠠᠷ ᠠᠵᠦ ᠦᠢᠯᠡᠰ ᠤᠨ ᠡᠬᠢᠯᠡᠬᠦᠯᠦᠭᠰᠡᠨ ᠪᠠ ᠰᠡᠷᠬᠦᠬᠡᠭᠰᠡᠨ ᠲᠦᠷᠦᠯ ᠵᠦᠢᠯ 26 ᠪᠠᠶᠢᠵᠦ᠂ | ᠭᠤᠤᠯᠳᠠᠭᠤ ᠲᠡᠮᠦᠷ ᠵᠠᠮ᠂ ᠬᠤᠲᠠ ᠶᠢᠨ ᠶᠠᠪᠤᠳᠠᠯ ᠤᠨ ᠰᠠᠭᠤᠷᠢ ᠪᠦᠲᠦᠭᠡᠨ ᠪᠠᠶᠢᠭᠤᠯᠤᠯᠲᠠ᠂ ᠲᠤᠮᠤ ᠳ᠋ᠠᠶᠢᠲ᠋ᠠ | ᠦᠢᠯᠡᠰ᠂ ᠰᠤᠶᠤᠯ ᠵᠤᠭᠠᠴᠠᠯ ᠵᠡᠷᠭᠡ ᠬᠦᠷᠢᠶᠡᠨ ᠳᠤ ᠲᠦᠪᠯᠡᠷᠡᠵᠦ᠂ ᠪᠦᠬᠦ ᠠᠶᠢᠮᠠᠭ ᠤᠨ ᠨᠡᠶᠢᠬᠡᠮ ᠤᠨ ᠬᠡᠷᠡᠭᠯᠡᠬᠡᠨ ᠤ | ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 7.5% ᠪᠠᠷ | ᠨᠡᠮᠡᠭᠳᠡᠵᠦ᠂ ᠵᠤᠭᠠᠴᠠᠯ ᠤᠨ ᠤᠷᠤᠯᠭ᠎ᠠ 43 ᠳ᠋ᠦᠩᠰᠢᠭᠤᠷ ᠲᠦᠭᠦᠷᠢᠭ ᠬᠦᠷᠴᠠᠢ᠃ ᠡᠬᠦᠨ ᠠᠴᠠ ᠭᠠᠳᠠᠨ᠎ᠠ᠂ | ᠨᠢᠬᠡᠳᠦᠬᠡᠷ ᠤᠯᠠᠷᠢᠯ ᠤᠨ ᠠᠷᠠᠳ ᠤᠨ ᠲᠤᠮᠳᠠᠬᠢ ᠪᠡᠯᠡ ᠤᠷᠤᠭᠤᠯᠤᠯᠲᠠ ᠶᠡᠬᠡᠪᠡᠷ ᠨᠡᠮᠡᠭᠳᠡᠵᠦ᠂ ᠪᠦᠬᠦ ᠨᠡᠶᠢᠬᠡᠮ ᠤᠨ | ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ 57.1% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 53.22% ᠢᠶᠠᠷ ᠨᠡᠮᠡᠭᠳᠡᠪᠡ᠃ |