ᠨᠢᠬᠡᠳᠦᠭᠡᠷ ᠤᠯᠠᠷᠢᠯ ᠳᠤ ᠪᠦᠬᠦ ᠠᠶᠢᠮᠠᠭ ᠤᠨ ᠠᠵᠦ ᠠᠬᠤᠢ ᠶᠢᠨ ᠡᠷᠬᠢᠯᠲᠡ ᠰᠠᠶᠢᠨ ᠪᠠᠶᠢᠵᠦ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠪᠦᠬᠦ ᠤᠷᠤᠨ ᠳᠤ ᠲᠦᠷᠦᠭᠦᠯᠡᠪᠡ
ᠨᠡᠶᠢᠲᠡᠯᠡᠭᠰᠡᠨ ᠴᠠᠭ᠄
2018/5/15
    ᠨᠢᠭᠡᠳᠦᠬᠡᠷ ᠤᠯᠠᠷᠢᠯ ᠳᠤ᠂ ᠮᠠᠨ ᠤ ᠠᠶᠢᠮᠠᠭ ᠤᠨ ᠭᠤᠤᠯ ᠪᠤᠯᠬᠤ ᠠᠵᠦ ᠠᠬᠤᠢ ᠶᠢᠨ ᠵᠢᠭᠠᠯᠲᠠ ᠲᠤᠭ᠎ᠠ ᠶᠢᠨ ᠨᠡᠮᠡᠭᠳᠡᠭᠰᠡᠨ ᠬᠤᠷᠳᠤᠴᠠ ᠪᠦᠬᠦ ᠤᠷᠤᠨ ᠳᠤ ᠲᠦᠷᠦᠬᠦᠦ ᠬᠡᠲᠤᠨ ᠨᠡᠷᠡᠰ ᠲᠤ ᠤᠷᠤᠵᠦ᠂ ᠠᠵᠦ ᠠᠬᠤᠢ ᠶᠢᠨ ᠡᠷᠬᠢᠯᠳᠡ ᠶᠢᠨ ᠪᠠᠶᠢᠳᠠᠯ ᠰᠠᠶᠢᠨ ᠪᠠᠶᠢᠵᠦ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 1. 6% ᠬᠦᠷᠴᠦ᠂ ᠪᠦᠬᠦ ᠤᠷᠤᠨ ᠳᠤ ᠲᠦᠷᠦᠭᠦᠯᠡᠪᠡ᠃         ᠨᠢᠬᠡᠳᠦᠬᠡᠷ ᠤᠯᠠᠷᠢᠯ ᠳᠤ᠂ ᠪᠦᠬᠦ ᠠᠶᠢᠮᠠᠭ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠨᠢᠬᠡ᠂ ᠬᠤᠶᠠᠷ᠂ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠨᠢ ᠲᠤᠰ ᠲᠤᠰ 3.3%᠂ 4.3%᠂ 4.7% ᠪᠠᠷ ᠨᠡᠮᠡᠭᠳᠡᠵᠦ᠂ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 7. 5% ᠪᠠᠷ ᠨᠡᠮᠡᠭᠳᠡᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ 18.8 ᠳ᠋ᠦᠩᠰᠢᠭᠤᠷ ᠲᠦᠭᠦᠷᠢᠭ ᠬᠦᠷᠴᠠᠢ᠃         ᠤᠳᠤᠬᠠᠨ ᠳᠤ᠂ ᠪᠦᠬᠦ ᠠᠶᠢᠮᠠᠭ ᠢᠶᠠᠷ ᠢᠶᠠᠨ ᠨᠡᠶᠢᠳᠡ 503 ᠲᠦᠮᠡᠨ ᠲᠦᠯ ᠲᠤᠰᠴᠤ᠂ ᠤᠨᠳᠤᠷᠤᠯᠳᠠ ᠶᠢᠨ ᠨᠤᠷᠮ᠎ᠠ ᠨᠢ 99.7% ᠬᠦᠷᠴᠦ ᠪᠠᠶᠢᠨ᠎ᠠ᠃ ︽ᠬᠤᠨᠢ ᠶᠢ ᠴᠦᠬᠡᠳᠭᠡᠵᠦ ᠦᠬᠡᠷ ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠨᠡᠶᠢᠳᠠᠪᠤᠷᠢᠵᠢᠭᠤᠯᠤᠭᠰᠠᠨ ᠲᠠᠯ᠎ᠠ ᠪᠠᠷ᠂ ᠪᠤᠳᠠ ᠮᠠᠯ ᠤᠨ ᠲᠦᠯ ᠠᠳᠠᠯᠢ ᠬᠤᠭᠤᠴᠠᠭᠠᠨ ᠤ ᠬᠢ ᠠᠴᠠ 3. 9 ᠲᠦᠮᠡ ᠨᠡᠮᠡᠭᠳᠡᠵᠦ᠂ ᠪᠤᠭ ᠮᠠᠯ ᠤᠨ ᠲᠦᠯ ᠠᠳᠠᠯᠢ ᠬᠤᠭᠤᠴᠠᠭᠠᠨ ᠤ ᠬᠢ ᠠᠴᠠ 85 ᠲᠦᠮᠡ ᠪᠠᠭᠠᠰᠴᠠᠢ᠃ ᠡᠬᠦᠨ ᠤ ᠬᠠᠮᠲᠤ ᠲᠠᠷᠢᠶᠠᠨ ᠤ ᠦᠷ᠎ᠡ᠂ ᠲᠠᠷᠢᠶᠠᠯᠠᠬᠤ ᠮᠠᠰᠢᠨ ᠪᠠᠭᠠᠵᠢ ᠵᠡᠷᠭᠡ ᠡᠳ᠋ ᠪᠤᠳᠠᠰ ᠤᠨ ᠨᠦᠬᠡᠴᠡ ᠪᠠ ᠪᠡᠯᠡ ᠮᠦᠩᠬᠦ ᠴᠤᠭᠯᠠᠭᠤᠯᠬᠤ ᠠᠵᠢᠯ ᠠᠯᠬᠤᠮ ᠲᠠᠷᠠᠭ᠎ᠠ ᠲᠠᠢ ᠶᠠᠪᠤᠭᠳᠠᠵᠦ᠂ ᠲᠦᠯᠦᠪᠯᠡᠭᠰᠡᠨ ᠲᠠᠷᠢᠬᠤ ᠲᠠᠯᠠᠪᠠᠢ 360 ᠲᠦᠮᠡᠨ ᠮᠤ᠋ ᠬᠦᠷᠦᠨ᠎ᠡ᠃         ᠪᠦᠬᠦ ᠠᠶᠢᠮᠠᠭ ᠤᠨ 275 ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠦᠢᠯᠡᠳᠬᠦᠨ ᠤ ᠦᠷᠳᠡᠭ 125 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠭᠰᠡᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠪᠦᠬᠦ ᠤᠷᠤᠨ ᠳᠤ ᠲᠠᠪᠤᠳᠤᠭᠠᠷ ᠲᠤ ᠤᠷᠤᠵᠠᠢ᠃         ᠭᠤᠷᠪᠠᠳᠤᠭᠠᠷ ᠠᠵᠦ ᠦᠢᠯᠡᠰ ᠤᠨ ᠡᠬᠢᠯᠡᠬᠦᠯᠦᠭᠰᠡᠨ ᠪᠠ ᠰᠡᠷᠬᠦᠬᠡᠭᠰᠡᠨ ᠲᠦᠷᠦᠯ ᠵᠦᠢᠯ 26 ᠪᠠᠶᠢᠵᠦ᠂ ᠭᠤᠤᠯᠳᠠᠭᠤ ᠲᠡᠮᠦᠷ ᠵᠠᠮ᠂ ᠬᠤᠲᠠ ᠶᠢᠨ ᠶᠠᠪᠤᠳᠠᠯ ᠤᠨ ᠰᠠᠭᠤᠷᠢ ᠪᠦᠲᠦᠭᠡᠨ ᠪᠠᠶᠢᠭᠤᠯᠤᠯᠲᠠ᠂ ᠲᠤᠮᠤ ᠳ᠋ᠠᠶᠢᠲ᠋ᠠ ᠦᠢᠯᠡᠰ᠂ ᠰᠤᠶᠤᠯ ᠵᠤᠭᠠᠴᠠᠯ ᠵᠡᠷᠭᠡ ᠬᠦᠷᠢᠶᠡᠨ ᠳᠤ ᠲᠦᠪᠯᠡᠷᠡᠵᠦ᠂ ᠪᠦᠬᠦ ᠠᠶᠢᠮᠠᠭ ᠤᠨ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠵᠤᠭᠠᠴᠠᠯ ᠤᠨ ᠤᠷᠤᠯᠭ᠎ᠠ 43 ᠳ᠋ᠦᠩᠰᠢᠭᠤᠷ ᠲᠦᠭᠦᠷᠢᠭ ᠬᠦᠷᠴᠠᠢ᠃ ᠡᠬᠦᠨ ᠠᠴᠠ ᠭᠠᠳᠠᠨ᠎ᠠ᠂ ᠨᠢᠬᠡᠳᠦᠬᠡᠷ ᠤᠯᠠᠷᠢᠯ ᠤᠨ ᠠᠷᠠᠳ ᠤᠨ ᠲᠤᠮᠳᠠᠬᠢ ᠪᠡᠯᠡ ᠤᠷᠤᠭᠤᠯᠤᠯᠲᠠ ᠶᠡᠬᠡᠪᠡᠷ ᠨᠡᠮᠡᠭᠳᠡᠵᠦ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ 57.1% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 53.22% ᠢᠶᠠᠷ ᠨᠡᠮᠡᠭᠳᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号