ᠰᠥᠨᠢᠳ ᠪᠠᠷᠠᠭᠤᠨ ᠬᠤᠰᠢᠭᠤᠨ ᠳᠤ ︽ᠨᠤᠮ ᠲᠠᠢ ᠰᠥᠨᠢᠳ︾ ᠨᠤᠮ ᠤᠡᠭᠰᠢᠬᠤ ᠺᠯᠦ᠋ᠪ ᠪᠠᠶᠢᠭᠤᠯᠤᠭᠲᠠᠯ᠎ᠠ
ᠨᠡᠶᠢᠲᠡᠯᠡᠭᠰᠡᠨ ᠴᠠᠭ᠄
2018/5/16
    ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠪᠥᠬᠦ ᠬᠤᠰᠢᠭᠤᠨ ᠤ ᠬᠡᠪᠴᠢᠶᠡᠨ ᠳᠠᠬᠢ ︽ᠰᠤᠶᠤᠯ ᠤᠨ ᠪᠠᠶᠢᠭᠤᠯᠤᠯᠲᠠ︾᠎ ᠶᠢᠨ ᠠᠵᠢᠯ ᠢ ᠢᠮᠠᠭᠲᠠ ᠴᠢᠬᠤᠯᠠᠴᠢᠯᠠᠵᠥ᠂ 5 ᠰᠠᠷ᠎ᠠ ᠶᠢᠨ 5᠎ ᠤ ᠡᠲᠥᠷ ᠬᠤᠰᠢᠭᠤᠨ ᠤ ᠰᠤᠶᠤᠯ ᠲᠠᠮᠢᠷ ᠷᠠᠲᠢᠤ᠋ ᠲᠧᠯᠸᠢᠰ ᠲᠤᠪᠴᠢᠶ᠎ᠠ ᠨᠢ ︽ᠨᠤᠮ ᠲᠠᠢ ᠰᠥᠨᠢᠳ︾ ᠨᠤᠮ ᠤᠡᠭᠰᠢᠬᠤ ᠺᠯᠦ᠋ᠪ ᠢ ᠰᠡᠲᠤᠨ ᠪᠠᠶᠢᠭᠤᠯᠵᠥ᠂ ᠨᠡᠭᠡᠭᠡᠯᠲᠡ ᠶᠢᠨ ᠶᠤᠰᠤᠯᠠᠯ ᠨᠢ ᠨᠢᠵᠡᠭᠡᠷ ᠰᠠᠶᠢᠬᠠᠨ ᠶᠠᠪᠤᠭᠲᠠᠵᠥ᠂ ᠡᠯ᠎ᠠ ᠰᠤᠮᠤ ᠪᠠᠯᠭᠠᠰᠤ᠂ ᠰᠤᠷᠭᠠᠭᠤᠯᠢ ᠶᠢᠨ ᠨᠤᠮ ᠰᠤᠶᠤᠯ ᠳᠠᠭᠠᠨ ᠬᠠᠶᠢᠷᠠᠲᠠᠢ ᠺᠠᠳ᠋ᠷ ᠤᠲᠤᠷᠢᠲᠤᠯᠭ᠎ᠠ ᠵᠢᠴᠢ ᠮᠠᠯᠴᠢᠨ ᠲᠥᠮᠡᠨ ᠤ ᠲᠥᠯᠥᠭᠡᠯᠡᠭᠴᠢ 30 ᠭᠠᠷᠤᠢ ᠬᠥᠮᠥᠨ ᠤᠷᠤᠯᠴᠠᠪᠠ᠃         ︽ᠨᠤᠮ ᠲᠠᠢ ᠰᠥᠨᠢᠳ︾ ᠨᠤᠮ ᠤᠡᠭᠰᠢᠬᠤ ᠺᠯᠦ᠋ᠪ ᠪᠠᠶᠢᠭᠤᠯᠤᠭᠲᠠᠬᠤ ᠶᠤᠰᠤᠯᠠᠯ ᠳᠤ ᠲᠤᠰ ᠬᠤᠰᠢᠭᠤᠨ ᠤ ᠷᠠᠲᠢᠤ᠋ ᠲᠧᠯᠸᠢᠰ ᠲᠤᠪᠴᠢᠶᠠᠨ ᠤ ᠤᠷᠢᠯᠭ᠎ᠠ ᠪᠠᠷ᠂ ᠥᠪᠤᠷ ᠮᠤᠩᠭᠤᠯ ᠤᠨ ︽ᠨᠤᠮᠲᠠᠢ︾ ᠰᠤᠶᠤᠯ ᠬᠡᠬᠡᠷᠡᠬᠦᠯᠥᠭᠴᠢ ᠮᠤᠩᠭᠤᠯ ᠲᠠᠪᠴᠠᠩ ᠤᠨ ᠬᠥᠢᠴᠡᠳᠭᠡᠬᠦ ᠵᠠᠬᠢᠷᠤᠯ ᠦᠨᠢᠷᠬᠦᠥ ᠪᠤᠯᠤᠨ ︽ᠠᠮᠢᠲᠤᠷᠠᠯ ᠭᠠᠷᠠᠭ ᠤᠨ ᠰᠤᠨᠢᠨ︾ ᠪ᠊ ᠰᠤᠷᠪᠤᠯᠵᠢᠯᠠᠬᠴᠢ᠂ ᠨᠠᠶᠢᠷᠠᠭᠤᠯᠤᠭᠴᠢ ᠮᠥᠡᠭᠭᠡᠪᠠᠶᠠᠷ ᠵᠡᠷᠭᠡ ᠪᠠᠭᠰᠢ ᠨᠠᠷ ᠠᠴᠠ ᠨᠤᠮ ᠪᠢᠴᠢᠭ ᠤᠨ ᠲᠤᠬᠠᠢ ᠬᠢᠴᠢᠶᠡᠯ ᠲᠠᠶᠢᠯᠤᠮᠵᠢ ᠬᠢᠵᠥ᠂ ᠪᠢᠲᠠ ᠶᠠᠭᠤᠨ ᠤ ᠲᠥᠯᠥᠭᠡ ᠨᠤᠮ ᠤᠡᠭᠰᠢᠬᠤ᠂ ᠰᠥᠯᠵᠢᠶ᠎ᠠ ᠬᠤᠯᠪᠤᠭ᠎ᠠ ᠶᠢ ᠬᠡᠷᠬᠢᠨ ᠠᠰᠢᠭᠯᠠᠵᠥ ᠨᠤᠮ ᠪᠢᠴᠢᠭ ᠤᠡᠭᠰᠢᠬᠤ ᠵᠡᠷᠭᠡ ᠤᠯᠠᠨ ᠲᠠᠯ᠎ᠠ ᠠᠴᠠ ᠲᠠᠶᠢᠯᠪᠤᠷᠢᠯᠠᠯᠲᠠ ᠬᠢᠵᠥ᠂ ᠨᠤᠮ ᠪᠢᠴᠢᠭ ᠲᠤ ᠪᠠᠭ᠋ᠠᠲᠠᠢ ᠬᠥᠮᠥᠰ ᠲᠤ ᠨᠢᠭᠡᠨ ᠤᠲᠠᠭᠠᠨ ᠤ ᠪᠠᠶᠠᠷ ᠴᠡᠩᠭᠡᠯ ᠤᠯᠭᠤᠭᠰᠠᠨ ᠪᠥᠬᠡᠳ ᠨᠤᠮ ᠤᠡᠭᠰᠢᠬᠤ ᠤᠷᠮ᠎ᠠ ᠵᠤᠷᠢᠭ ᠢ ᠡᠷᠴᠢᠯᠡᠵᠡᠢ᠃         ︽ᠨᠤᠮ ᠲᠠᠢ ᠰᠥᠨᠢᠳ︾ ᠨᠤᠮ ᠤᠡᠭᠰᠢᠬᠤ ᠺᠯᠦ᠋ᠪ ᠨᠢ ᠬᠤᠯᠪᠤᠭ᠎ᠠ ᠰᠥᠯᠵᠢᠶ᠎ᠠ ᠶᠢ ᠠᠰᠢᠭᠯᠠᠨ᠂ ᠤᠯᠠᠨ ᠨᠡᠶᠢᠲᠡ ᠶᠢᠨ ᠸᠢᠴᠠᠲ ᠲᠠᠪᠴᠠᠩ ᠢ ᠪᠠᠶᠢᠭᠤᠯᠵᠥ᠂ ᠨᠤᠮ ᠪᠢᠴᠢᠭ ᠲᠤ ᠬᠠᠶᠢᠷᠠᠲᠠᠢ ᠬᠥᠮᠥᠰ ᠤᠨ ᠨᠤᠮ ᠪᠢᠴᠢᠭ ᠤᠨ ᠲᠤᠬᠠᠢ ᠶᠠᠷᠢᠶ᠎ᠠ ᠵᠤᠭᠤᠭ ᠥᠷᠨᠢᠬᠦᠯᠬᠦ᠂ ᠨᠤᠮ ᠰᠤᠶᠤᠯ ᠤᠨ ᠬᠠᠮᠢᠶ᠎ᠠ ᠲᠠᠢ ᠮᠡᠲᠡᠯᠭᠡ ᠮᠡᠲᠡᠴᠡ ᠪᠠᠨ ᠬᠠᠷᠢᠯᠴᠠᠨ ᠰᠤᠯᠢᠯᠴᠠᠬᠤ ᠳᠤ ᠬᠥᠬᠦᠷᠭᠡ ᠬᠤᠯᠪᠤᠭᠠᠰᠤ ᠪᠤᠯᠵᠥ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号