ᠯᠦᠸᠧ ᠬᠤ᠋ ᠽᠠᠢ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠢ ᠬᠠᠪᠰᠤᠷᠤᠨ ᠲᠡᠳᠬᠦᠬᠦ ᠪᠠᠷ ᠭᠠᠴᠠᠭ᠎ᠠ ᠲᠤᠰᠬᠤᠨ ᠳᠤ ᠰᠠᠭᠤᠬᠤ ᠺᠠᠳ᠋ᠷ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/5/22
    5 ᠰᠠᠷ᠎ᠠ ᠶᠢᠨ 9᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠪᠠ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠶᠢᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠢ ᠬᠠᠪᠰᠤᠷᠤᠨ ᠲᠡᠳᠬᠦᠬᠦ ᠪᠠᠷ ᠭᠠᠴᠠᠭ᠎ᠠ ᠲᠤᠰᠬᠤᠨ ᠳᠤ ᠰᠠᠭᠤᠬᠤ ᠺᠠᠳ᠋ᠷ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠲᠤᠬᠠᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠴᠢᠩᠭᠠᠳᠬᠠᠵᠤ ᠂ ᠭᠠᠴᠠᠭ᠎ᠠ ᠲᠤᠰᠬᠤᠨ ᠳᠤ ᠰᠠᠭᠤᠵᠤ ᠡᠷᠦᠭᠡ ᠳᠤ ᠬᠦᠨᠵᠡᠭᠡᠶᠢᠷᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠡᠮᠵᠢᠵᠤ᠂ ᠶᠠᠳᠠᠭᠤ ᠬᠦᠴᠢᠷᠲᠡᠯᠲᠡᠢ ᠤᠯᠠᠨ ᠲᠦᠮᠡᠨ ᠳᠤ ᠨᠠᠮ ᠪᠤᠯᠤᠨ ᠵᠠᠰᠠᠭ ᠤᠨ ᠲᠤᠳᠤᠨᠤ ᠬᠠᠯᠠᠮᠵᠢᠯᠠᠯ ᠢ ᠲᠠᠮᠵᠢᠭᠤᠯᠬᠤ ᠭᠡᠷᠡᠭᠳᠡᠢ ᠭᠡᠵᠤ ᠴᠢᠬᠤᠯᠠᠴᠢᠯᠠᠵᠠᠢ᠃         ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠸᠠᠩ ᠷᠦᠢ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠳᠡᠳ᠋ ᠲᠠᠷᠤᠭ᠎ᠠ ᠶᠠᠩ ᠸᠧᠨ ᠱᠧᠩ᠂ ᠠᠶᠢᠮᠠᠭ ᠤᠨ ᠳᠡᠳ᠋ ᠲᠠᠷᠤᠭ᠎ᠠ ᠾᠸᠤ ᡁᠢ ᠮᠢᠨ ᠬᠤᠷᠠᠯ ᠳᠤ ᠤᠷᠤᠯᠴᠠᠪᠠ᠃         ᠯᠦᠸᠧ ᠬᠤ᠋ ᠽᠠᠢ ᠵᠢᠭᠠᠬᠤ ᠳᠠᠭᠠᠨ᠂ ᠰᠢᠯᠤᠭᠤᠨ ᠬᠦᠪᠡᠭᠡᠲᠦ ᠴᠠᠭᠠᠨ ᠬᠤᠰᠢᠭᠤ ᠪᠤᠯ ᠤᠯᠤᠰ ᠤᠨ ᠲᠠᠰ ᠤᠨ ᠶᠠᠳᠠᠭᠤ ᠬᠦᠴᠢᠷᠲᠡᠯᠲᠡᠢ ᠬᠤᠰᠢᠭᠤ᠂ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠭᠤᠤᠯ ᠲᠠᠶᠢᠯᠠᠯᠳᠤᠭᠠᠨ ᠤ ᠳᠠᠯᠠᠪᠤᠷ ᠶᠤᠮ᠂ ᠡᠯ᠎ᠡ ᠱᠠᠳᠤᠨ ᠤ ᠤᠳᠤᠷᠢᠳᠬᠤ ᠺᠠᠳ᠋ᠷ ᠤᠨᠴᠠᠭᠠᠢᠢᠯᠠᠨ ᠦᠷᠭᠡᠨ ᠤᠯᠠᠨ ᠭᠠᠴᠠᠭ᠎ᠠ ᠲᠤᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠰᠢ ᠶᠢᠨ ᠫᠢᠩ ᠤᠨ ᠶᠠᠳᠠᠭᠤ ᠶᠢ ᠲᠡᠳᠬᠦᠬᠦ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠦᠢᠯᠠᠭᠠᠵᠤ᠂ ᠦᠵᠡᠯ ᠰᠠᠨᠠᠭ᠎ᠠ ᠦᠢᠯᠠ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠬᠦ ᠰᠢᠢᠳᠪᠤᠷᠢᠳᠤ ᠪᠠᠶᠢᠷᠢᠯᠠᠭᠤᠯᠤᠯᠳᠠ ᠲᠡᠭᠡᠷ᠎ᠠ ᠨᠢᠭᠡᠳᠭᠡᠵᠤ᠂ ᠬᠠᠷᠢᠭᠤᠴᠠᠯᠭ᠎ᠠ ᠪᠠᠨ ᠡᠬᠦᠷᠭᠡᠯᠡᠵᠤ᠂ ᠠᠷᠭ᠎ᠠ ᠪᠠᠨ ᠨᠠᠷᠢᠯᠢᠭᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠭᠡ ᠶᠢᠨ ᠨᠠᠶᠢᠳᠠᠪᠤᠷᠢᠵᠢᠯᠳᠠ ᠶᠢ ᠠᠬᠢᠭᠤᠯᠬᠤ ᠭᠡᠷᠡᠭᠲᠡᠢ ᠭᠡᠪᠡ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠳᠤ ᠤᠳᠤᠷᠢᠳᠤᠯᠭ᠎ᠠ ᠪᠤᠯ ᠵᠠᠩᠬᠢᠯᠠᠭ᠎ᠠ᠂ ᠺᠠᠳ᠋ᠷ ᠪᠤᠯ ᠦᠨᠳᠤᠰᠤ᠂ ᠲᠦᠷᠦ ᠶᠢᠨ ᠪᠤᠳᠤᠯᠭ᠎ᠠ ᠶᠢ ᠨᠡᠪᠲᠡᠷᠭᠡᠢ ᠦᠢᠯᠠᠭᠠᠨ ᠡᠵᠡᠮᠳᠡᠬᠦ ᠪᠤᠯ ᠰᠠᠭᠤᠷᠢ ᠪᠤᠯᠤᠨ᠎ᠠ᠃ ᠬᠠᠪᠰᠤᠷᠤᠨ ᠲᠡᠳᠬᠦᠬᠦ ᠪᠠᠶᠢᠭᠤᠯᠭ᠎ᠠ ᠨᠢᠭᠡᠴᠡ ᠪᠠ ᠭᠠᠴᠠᠭ᠎ᠠ ᠲᠤᠰᠬᠤᠨ ᠳᠤ ᠰᠠᠭᠤᠬᠤ ᠺᠠᠳ᠋ᠷ ᠲᠦᠷᠦ ᠶᠢᠨ ᠪᠤᠳᠤᠯᠭ᠎ᠠ ᠶᠢ ᠰᠤᠷᠤᠯᠴᠠᠨ ᠰᠤᠳᠤᠯᠵᠤ᠂ ᠠᠰᠠᠭᠤᠳᠠᠯ ᠰᠢᠢᠳᠪᠤᠷᠢᠯᠡᠬᠦ ᠪᠠᠷ ᠰᠢᠪᠳᠤᠯᠤᠯᠲᠠ ᠶᠢᠨ ᠴᠡᠭ ᠪᠤᠯᠭᠠᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠪᠰᠤᠷᠤᠨ ᠲᠡᠳᠬᠦᠬᠦ ᠳᠤ ᠴᠢᠳᠠᠮᠠᠭᠠᠢ ᠺᠠᠳ᠋ᠷ ᠪᠤᠯᠬᠤ ᠭᠡᠷᠡᠭᠲᠡᠢ᠃ ᠤᠨᠴᠠ ᠶᠠᠳᠠᠭᠤ ᠬᠦᠴᠢᠷᠲᠡᠯᠲᠡᠢ ᠭᠠᠵᠠᠷ ᠤᠷᠤᠨ ᠤ ᠪᠤᠳᠠᠳᠤ ᠪᠠᠶᠢᠳᠠᠯ ᠠᠴᠠ ᠡᠬᠦᠰᠤᠨ᠂ ᠶᠠᠳᠠᠭᠤᠷᠠᠭᠰᠠᠨ ᠰᠢᠯᠳᠠᠭᠠᠨ ᠢ ᠬᠦᠨᠵᠡᠭᠡᠢ ᠵᠠᠳᠠᠯᠵᠤ᠂ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠠᠴᠠ ᠠᠩᠬᠢᠵᠢᠷᠠᠭᠤᠯᠬᠤ ᠵᠠᠮ ᠡᠷᠢᠵᠦ ᠰᠦᠪᠡᠭᠴᠢᠯᠡᠬᠦ ᠭᠡᠷᠡᠭᠲᠡᠢ᠃ ᠭᠠᠴᠠᠭ᠎ᠠ ᠲᠤᠰᠬᠤᠨ ᠤ ᠨᠠᠮ ᠤᠨ ᠡᠬᠦᠷ ᠪᠠ ᠠᠷᠠᠳ ᠤᠨ ᠵᠦᠪᠯᠡᠯ ᠤᠨ ᠤᠳᠤᠷᠢᠳᠬᠤ ᠪᠠᠭ ᠲᠠᠢ ᠬᠠᠮᠳᠤᠷᠠᠨ ᠪᠦᠬᠦ ᠰᠡᠳᠬᠢᠯ ᠪᠦᠬᠦ ᠵᠤᠷᠢᠭ ᠢᠶᠠᠷ ᠬᠠᠪᠰᠤᠷᠤᠨ ᠲᠡᠳᠬᠦᠬᠦ ᠠᠵᠢᠯ ᠳᠤ ᠤᠷᠤᠯᠴᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠲᠡ ᠶᠢ ᠤᠯᠬᠤ ᠳᠤ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号