ᠴᠠᠩ ᠫᠢᠩ ᠲᠤᠭᠤᠷᠢᠭ ᠤᠨ ᠨᠠᠮ ᠵᠠᠰᠠᠭ ᠤᠨ ᠲᠤᠭᠤᠷᠢᠨ ᠪᠠᠶᠢᠴᠠᠭᠠᠬᠤ ᠪᠦᠯᠬᠦᠮ ᠮᠠᠨ ᠤ ᠠᠶᠢᠮᠠᠭ ᠲᠤ ᠢᠷᠡᠵᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠤᠨ ᠳᠤᠬᠠᠢ ᠵᠦᠪᠳᠡᠯᠴᠡᠪᠡ ᠾᠸᠤ ᠵᠢᠶᠦ᠋ᠨ ᠱᠦ ᠪᠤᠯᠤᠨ ᠾᠦᠸᠧ ᠵᠤᠤ ᠯᠢᠶᠠᠩ ᠨᠠᠷ ᠶᠠᠷᠢᠯᠴᠠᠬᠤ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2018/5/22
    5 ᠰᠠᠷ᠎ᠠ ᠶᠢᠨ 12᠎ ᠤᠨ ᠡᠳᠦᠷ᠂ ᠪᠡᠭᠡᠵᠢᠩ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠴᠠᠩ ᠫᠢᠩ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠾᠸᠤ ᠵᠢᠶᠦ᠋ᠨ ᠱᠦ ᠴᠠᠩ ᠫᠢᠩ ᠲᠤᠭᠤᠷᠢᠭ ᠤᠨ ᠨᠠᠮ ᠵᠠᠰᠠᠭ ᠤᠨ ᠲᠤᠭᠤᠷᠢᠨ ᠪᠠᠶᠢᠴᠠᠭᠠᠬᠤ ᠪᠦᠯᠬᠦᠮ ᠢ ᠲᠠᠭᠠᠭᠤᠯᠤᠨ ᠮᠠᠨ ᠤ ᠠᠶᠢᠮᠠᠭ ᠤᠨ ᠲᠠᠶᠢᠹᠦᠰᠧ ᠬᠤᠰᠢᠭᠤᠨ ᠳᠤ ᠢᠷᠡᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠤᠨ ᠲᠤᠬᠠᠢ ᠬᠦᠨᠵᠡᠭᠡᠢ ᠶᠠᠷᠢᠯᠴᠠᠨ ᠵᠤᠯᠭᠠᠯᠴᠠᠭᠤᠯᠵᠠᠢ᠃         ᠶᠠᠷᠢᠯᠴᠠᠬᠤ ᠬᠤᠷᠠᠯ ᠲᠡᠭᠡᠷ᠎ᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢ ᠲᠦᠯᠦᠭᠡᠯᠡᠨ ᠴᠠᠩ ᠫᠢᠩ ᠲᠤᠭᠤᠷᠢᠭ ᠤᠨ ᠨᠠᠮ ᠵᠠᠰᠠᠭ ᠤᠨ ᠲᠤᠭᠤᠷᠢᠨ ᠪᠠᠶᠢᠴᠠᠭᠠᠬᠤ ᠪᠦᠯᠬᠦᠮ ᠲᠠᠶᠢᠹᠦᠰᠧ ᠬᠤᠰᠢᠭᠤᠨ ᠳᠤ ᠢᠷᠡᠵᠤ ᠶᠠᠳᠠᠭᠤ ᠶᠢ ᠲᠡᠳᠬᠦᠬᠦ ᠠᠵᠢᠯ ᠦᠷᠨᠢᠬᠦᠯᠦᠭᠰᠡᠨ ᠳᠤ ᠲᠠᠯᠠᠷᠬᠠᠯ ᠳᠡᠪᠰᠢᠭᠦᠯᠪᠡ᠃ ᠾᠦᠸᠧ ᠵᠤᠤ ᠯᠢᠶᠠᠩ ᠵᠢᠭᠠᠬᠤ ᠳᠠᠭᠠᠨ᠂ ᠴᠠᠩ ᠫᠢᠩ ᠲᠤᠭᠤᠷᠢᠭ ᠤᠨ ᠬᠢᠨ ᠲᠠᠶᠢᠹᠦᠰᠧ ᠬᠤᠰᠢᠭᠤᠨ ᠳᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠦᠷᠨᠢᠬᠦᠯᠦᠭᠰᠡᠨ ᠨᠢ ᠲᠠᠶᠢᠹᠦᠰᠧ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠳᠤ ᠯᠠᠪᠳᠠᠶ᠎ᠠ ᠬᠦᠴᠦᠷᠭᠡᠭ ᠬᠦᠳᠡᠯᠭᠡᠭᠴᠢ ᠬᠦᠴᠦᠨ ᠪᠤᠯᠤᠨ᠎ᠠ᠃ ᠰᠢᠯᠢ ᠶᠢᠨ ᠭᠤᠤᠯ ᠠᠶᠢᠮᠠᠭ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭ᠎ᠠ ᠶᠢᠨ ᠪᠤᠷᠤ ᠲᠦᠯᠦᠪ ᠤᠨ ᠭᠡᠯᠡᠯᠴᠡᠭᠡᠷ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠩ ᠫᠢᠩ ᠲᠤᠭᠤᠷᠢᠭ ᠤᠨ ᠲᠡᠮᠵᠢᠯᠭᠡ ᠬᠠᠪᠰᠤᠷᠤᠯᠭ᠎ᠠ ᠲᠤᠤᠷ᠎ᠠ ᠶᠠᠳᠠᠭᠤ ᠶᠢ ᠲᠡᠳᠬᠦᠬᠦ ᠠᠵᠢᠯ ᠢ ᠰᠠᠶᠢᠳᠦᠷ ᠬᠢᠵᠤ᠂ ᠲᠠᠶᠢᠹᠦᠰᠧ ᠬᠤᠰᠢᠭᠤ ᠶᠢ ᠲᠤᠭᠳᠠᠭᠰᠠᠨ ᠬᠤᠭᠤᠴᠠᠭ᠎ᠠ ᠳᠤ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠡᠬᠦᠷᠭᠡ ᠶᠢ ᠪᠡᠶᠡᠯᠡᠬᠦᠯᠦᠨ᠎ᠡ᠃ ᠬᠤᠶᠠᠷ ᠲᠠᠯ᠎ᠠ ᠪᠠᠷ ᠢᠶᠠᠨ ᠠᠵᠤ ᠦᠢᠯᠡᠰ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠦᠲᠦᠭᠡᠭᠲᠡᠬᠦᠨ ᠢᠶᠠᠨ ᠲᠠᠨᠢᠯᠴᠠᠭᠤᠯᠬᠤ᠂ ᠴᠢᠳᠠᠪᠦᠷᠢᠲᠡᠨ ᠤ ᠬᠦᠮᠦᠵᠢᠯ ᠵᠡᠷᠭᠡ ᠲᠠᠯ᠎ᠠ ᠳᠠᠬᠢ ᠬᠠᠮᠵᠢᠯᠴᠠᠭ᠎ᠠ ᠪᠠᠨ ᠬᠦᠨᠵᠡᠭᠡᠶᠢᠷᠡᠭᠦᠯᠵᠦ᠂ ᠤᠨᠴᠠᠭᠠᠢᠢᠯᠠᠨ ᠡᠷᠡᠬᠦᠯ ᠬᠠᠮᠠᠭᠠᠯᠠᠯ ᠤᠨ ᠬᠦᠷᠢᠶ᠎ᠠ ᠭᠡᠪᠴᠢᠶᠠᠨ ᠳᠠᠬᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠠᠶᠢᠮᠠᠭ ᠤᠨ ᠶᠠᠳᠠᠭᠤ ᠬᠦᠴᠢᠷᠲᠡᠯᠲᠡᠢ ᠭᠠᠵᠠᠷ ᠤᠷᠤᠨ ᠤ ᠦᠨᠳᠤᠰᠤᠨ ᠡᠮ ᠡᠮᠨᠡᠯᠭᠡ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠬᠦ ᠶᠢ ᠬᠦᠰᠡᠵᠤ ᠪᠠᠶᠢᠨ᠎ᠠ ᠭᠡᠪᠡ᠃         ᠾᠸᠤ ᠵᠢᠶᠦ᠋ᠨ ᠱᠤ᠋ ᠢᠯᠡᠷᠭᠡᠶᠢᠯᠡᠬᠦ ᠳᠡᠭᠡᠨ᠂ ᠴᠠᠩ ᠫᠢᠩ ᠲᠤᠭᠤᠷᠢᠭ ᠲᠠᠶᠢᠹᠦᠰᠧ ᠬᠤᠰᠢᠭᠤ ᠶᠢ ᠬᠠᠪᠰᠤᠷᠤᠨ ᠲᠡᠳᠬᠦᠬᠦ ᠨᠢ ᠨᠠᠮ ᠤᠨ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭ᠎ᠠ ᠶᠢᠨ ᠪᠤᠷᠦ ᠲᠦᠯᠦᠪ ᠤᠨ ᠭᠡᠯᠡᠯᠴᠡᠭᠡᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ ᠪᠠᠶᠢᠭ᠎ᠠ ᠶᠢᠨ ᠪᠤᠳᠠᠳᠤ ᠢᠯᠡᠷᠡᠯ᠂ ᠮᠦᠨᠴᠤ ᠡᠷᠭᠡᠪᠰᠢ ᠪᠡᠶᠡᠯᠡᠬᠦᠯᠬᠦ ᠴᠢᠬᠤᠯᠠᠳᠠᠢ ᠴᠢᠬᠤᠯᠠ ᠤᠯᠤᠰ ᠲᠦᠷᠦ ᠶᠢᠨ ᠡᠬᠦᠷᠭᠡ ᠪᠤᠯᠤᠨ᠎ᠠ᠃ ᠴᠠᠩ ᠫᠢᠩ ᠲᠤᠭᠤᠷᠢᠭ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠠᠷᠳᠠᠴᠠ ᠪᠠ ᠬᠦᠴᠦᠯᠠᠴᠡ ᠶᠢᠨ ᠴᠡᠭ ᠢ ᠤᠨᠤᠪᠴᠢᠳᠠᠢ ᠤᠯᠵᠤ᠂ ᠵᠠᠰᠠᠭ ᠤᠨ ᠤᠷᠳᠤᠨ ᠂ ᠠᠵᠤ ᠠᠬᠤᠢᠢᠯᠠᠯ᠂ ᠴᠢᠳᠠᠪᠤᠷᠢᠲᠠᠨ ᠤ ᠬᠤᠭᠤᠷᠤᠨᠳᠤᠬᠢ ᠬᠠᠮᠵᠢᠯᠴᠠᠭ᠎ᠠ ᠰᠤᠯᠢᠯᠴᠠᠭ᠎ᠠ ᠪᠠᠨ ᠬᠦᠨᠵᠡᠭᠡᠶᠢᠷᠡᠬᠦᠯᠵᠤ᠂ ᠤᠯᠠᠨ ᠵᠦᠢᠯ ᠤᠨ ᠭᠡᠯᠪᠡᠷᠢ ᠪᠠᠷ ᠶᠠᠳᠠᠭᠤ ᠶᠢ ᠲᠡᠳᠬᠦᠵᠤ᠂ ᠡᠬᠢ ᠪᠠᠶᠠᠯᠢᠭ ᠢ ᠬᠠᠮᠳᠤᠪᠠᠷ ᠡᠳ᠋ᠯᠡᠬᠦ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠮᠳᠤᠪᠠᠷ ᠠᠰᠢᠭ ᠬᠦᠷᠲᠡᠬᠦ ᠶᠢ ᠪᠡᠶᠡᠯᠡᠬᠦᠯᠦᠨ᠎ᠡ ᠭᠡᠪᠡ᠃         ᠴᠠᠩ ᠫᠢᠩ ᠲᠤᠭᠤᠷᠢᠭ ᠤᠨ ᠨᠠᠮ ᠵᠠᠰᠠᠭ ᠤᠨ ᠲᠤᠭᠤᠷᠢᠨ ᠪᠠᠶᠢᠴᠠᠭᠠᠬᠤ ᠪᠦᠯᠬᠦᠮ ᠤᠷᠢᠳ ᠬᠤᠵᠢᠳ ᠬᠤᠩ ᠵᠢᠩ ᠶᠤᠸᠠᠨ ᠦᠭᠡᠬᠦ ᠲᠤᠰᠤᠨ ᠤ ᠺᠤᠮᠫᠠᠨᠢ᠂ ᠪᠤᠤᠴᠠᠩ ᠪᠠᠯᠭᠠᠰᠤᠨ ᠤ ᠪᠢᠶᠠᠨ ᠴᠢᠶᠠᠩ ᠲᠤᠰᠬᠤᠨ ᠪᠠ ᠰᠢᠤᠸᠠᠢ ᠵᠢᠶᠦ᠋ᠨ ᠳ᠋ᠧᠩᠯᠦ ᠶᠢᠨ ᠦᠢᠯᠡᠳᠪᠤᠷᠢ ᠵᠡᠷᠭᠡ ᠭᠠᠵᠠᠷ ᠬᠦᠷᠴᠦ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠦᠷᠦᠯ ᠵᠦᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠃         ᠠᠶᠢᠮᠠᠭ ᠤᠨ ᠤᠳᠤᠷᠢᠳᠤᠯᠭ᠎ᠠ ᠴᠢᠤᠢ ᠸᠧᠢ ᠬᠦᠸᠧ᠂ ᠶᠠᠩ ᠸᠧᠨ ᠱᠧᠩ᠂ ᠪᠤᠷᠤᠬᠦᠤ᠂ ᠵᠠᠩ ᡁᠢ ᠵᠢᠶᠦ᠋ᠨ ᠨᠠᠷ ᠶᠠᠷᠢᠯᠴᠠᠬᠤ ᠬᠤᠷᠠᠯ ᠳᠤ ᠤᠷᠤᠯᠴᠠᠭᠰᠠᠨ ᠪᠦᠭᠡᠳ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号