ᠮᠠᠨ ᠤ ᠠᠶᠢᠮᠠᠭ ᠢᠳᠡᠭᠡᠨ ᠤᠮᠳᠠᠭᠠᠨ ᠤ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠲᠦᠯᠦᠪᠵᠢᠬᠦᠯᠭᠡ ᠶᠢ ᠡᠬᠢᠯᠡᠨ ᠬᠡᠷᠡᠭᠵᠢᠬᠦᠯᠪᠠ
ᠨᠡᠶᠢᠲᠡᠯᠡᠭᠰᠡᠨ ᠴᠠᠭ᠄
2018/5/22
    ᠢᠳᠡᠭᠡᠨ ᠤᠮᠳᠠᠭᠠᠨ ᠤ ᠦᠢᠯᠡᠰ ᠤᠨ ᠶᠠᠰᠤ ᠴᠢᠨᠠᠷ ᠤᠨ ᠬᠢᠷᠢ ᠲᠦᠪᠰᠢᠨ ᠢ ᠲᠡᠭᠡᠭᠰᠢᠯᠡᠬᠦᠯᠵᠤ᠂ ᠢᠳᠡᠭᠡᠨ ᠤᠮᠳᠠᠭᠠᠨ ᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠢᠳᠡᠭᠡᠨ ᠤᠮᠳᠠᠭᠠᠨ ᠤ ᠦᠢᠯᠡᠰ ᠤᠨ ᠶᠠᠰᠤ ᠴᠢᠨᠠᠷ ᠠᠮᠤᠷ ᠲᠦᠪᠰᠢᠨ ᠢ ᠲᠡᠭᠡᠭᠰᠢᠯᠡᠬᠦᠯᠬᠦ ᠭᠤᠷᠪᠠᠨ ᠵᠢᠯ ᠤᠨ ᠲᠦᠯᠦᠪᠵᠢᠬᠦᠯᠭᠡ ︵2018 — 2020︶᠎ ᠶᠢ ᠡᠬᠢᠯᠡᠨ ᠭᠡᠷᠡᠭᠵᠢᠬᠦᠯᠵᠤ᠂ ᠭᠤᠷᠪᠠᠨ ᠵᠢᠯ ᠤᠨ ᠬᠤᠭᠤᠴᠠᠭ᠎ᠠ ᠳᠤ ᠮᠠᠨ ᠤ ᠠᠶᠢᠮᠠᠭ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ ᠶᠢ ᠢᠯᠡᠷᠭᠡᠢ ᠲᠡᠭᠡᠭᠰᠢᠯᠡᠬᠦᠯᠵᠤ᠂ ᠢᠳᠡᠭᠡᠨ ᠤᠮᠳᠠᠭᠠᠨ ᠤ ᠨᠢᠭᠡᠴᠡ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠦᠲᠦᠮᠵᠢᠳᠠᠢ ᠨᠠᠶᠢᠳᠠᠪᠤᠷᠢᠵᠢᠭᠤᠯᠵᠤ᠂ ᠦᠨᠡᠨᠴᠢ ᠢᠳᠡᠭᠡᠯ ᠤᠨ ᠰᠢᠰᠲᠧᠮ ᠢ ᠦᠨᠳᠤᠰᠤᠨ ᠳᠡᠭᠡᠨ ᠪᠠᠶᠢᠭᠤᠯᠵᠤ᠂ ᠢᠳᠡᠭᠡᠨ ᠤᠮᠳᠠᠭᠠᠨ ᠤ ᠦᠢᠯᠡᠰ ᠤᠨ ᠶᠠᠰᠤ ᠴᠢᠨᠠᠷ ᠠᠮᠤᠷ ᠲᠦᠪᠰᠢᠨ ᠤ ᠬᠢᠷᠢ ᠲᠦᠪᠰᠢᠨ ᠢ ᠢᠯᠡᠳᠲᠡ ᠲᠡᠭᠡᠭᠰᠢᠯᠡᠬᠦᠯᠦᠨ᠎ᠡ᠃ ᠦᠨᠳᠤᠰᠤᠲᠡᠨ ᠤ ᠢᠳᠡᠭᠡᠨ ᠤᠮᠳᠠᠭᠠᠨ ᠤ ᠲᠠᠪᠠᠭᠤᠯᠢᠭ ᠨᠠᠷᠡᠲᠦ ᠲᠡᠮᠳᠡᠭ ᠢ ᠪᠠᠶᠢᠭᠤᠯᠵᠤ᠂ ᠤᠯᠠᠨ ᠨᠡᠶᠢᠲᠡ ᠶᠢᠨ ᠬᠠᠨᠤᠮᠵᠢ ᠶᠢᠨ ᠪᠠᠶᠢᠳᠠᠯ ᠪᠠ ᠭᠡᠷᠡᠭᠯᠡᠭᠡᠨ ᠤ ᠢᠳᠡᠭᠡᠯ ᠢ ᠢᠯᠡᠷᠭᠡᠢ ᠲᠡᠭᠡᠭᠰᠢᠯᠡᠬᠦᠯᠦᠨ᠎ᠡ᠃         ︽ᠲᠦᠯᠦᠪᠵᠢᠬᠦᠯᠭᠡ︾᠎ ᠳᠤ᠂ ᠵᠦᠪᠰᠢᠶᠡᠷᠡᠯ ᠤᠨ ᠬᠠᠮᠢᠶᠠᠷᠤᠯᠳᠠ ᠬᠢᠵᠦ ᠪᠠᠶᠢᠭ᠎ᠠ ᠢᠳᠡᠭᠡᠨ ᠤᠮᠳᠠᠭᠠᠨ ᠤ ᠨᠢᠭᠡᠴᠡ ᠳᠤ ᠲᠡᠰ ᠬᠤᠪᠢᠶᠠᠨ ᠦᠨᠡᠯᠡᠬᠦ ᠶᠢ ᠭᠡᠷᠡᠭᠵᠢᠬᠦᠯᠵᠦ᠂ ᠤᠯᠠᠮ ᠨᠢᠬᠡ ᠠᠯᠬᠤᠮ ᠲᠡᠰ ᠲᠡᠪᠰᠢᠬᠦᠯᠵᠦ᠂ ᠡᠯ᠎ᠠ ᠬᠤᠰᠢᠭᠤ ᠰᠢᠶᠠᠨ ᠬᠤᠲᠠ ︵ᠤᠷᠤᠨ︶᠎ ᠶᠢᠨ ᠢᠳᠡᠭᠡᠨ ᠤᠮᠳᠠᠭᠠᠨ ᠤ ᠨᠢᠬᠡᠴᠡ ᠶᠢᠨ A ᠲᠡᠰ ︵ᠰᠢᠯᠢᠳᠡᠭ︶᠎ ᠢ 10%᠎ ᠠᠴᠠ ᠲᠡᠭᠡᠭᠰᠢ ᠪᠠᠶᠢᠯᠭᠠᠵᠦ᠂ ᠢᠳᠡᠭᠡᠨ ᠤᠮᠳᠠᠭᠠᠨ ᠤ ᠪᠠᠶᠢᠭᠤᠯᠭ᠎ᠠ ᠨᠢᠬᠡᠴᠡ ᠶᠢᠨ ᠲᠤᠭᠤᠭᠠᠨ ᠬᠡᠷ ᠢ ᠵᠠᠳᠠᠭᠠᠢ ᠪᠠᠷ ᠪᠠᠶᠢᠭᠤᠯᠬᠤ ᠶᠢ ᠬᠦᠨᠵᠡᠭᠡᠶᠢᠷᠡᠬᠦᠯᠵᠦ᠂ ᠢᠳᠡᠭᠡᠨ ᠤ ᠮᠡᠲᠧᠷᠢᠶᠠᠯ ᠵᠢᠴᠢ ᠪᠤᠯᠪᠠᠰᠤᠷᠠᠭᠤᠯᠬᠤ ᠶᠠᠪᠤᠴᠠ ᠶᠢ ᠤᠯᠠᠨ ᠳᠤ ᠦᠵᠡᠭᠦᠯᠬᠦ ᠪᠤᠯᠭᠠᠨ᠎ᠠ᠃ ᠢᠳᠡᠭᠡᠨ ᠤᠮᠳᠠᠭᠠᠨ ᠤ ᠦᠢᠯᠡᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠬᠦᠯᠬᠦ ᠢᠨᠵᠧᠨᠧᠷᠢᠩ ᠤᠨ ᠪᠠᠶᠢᠭᠤᠯᠤᠯᠲᠠ ᠶᠢ ᠬᠦᠨᠵᠡᠭᠡᠢ ᠠᠬᠢᠭᠤᠯᠤᠨ᠎ᠠ᠃ ᠲᠤᠮᠤ ᠬᠡᠯᠪᠡᠷᠢ ᠠᠴᠠ ᠲᠡᠭᠡᠭᠰᠢᠬᠢ ᠢᠳᠡᠭᠡᠨ ᠤᠮᠳᠠᠭᠠᠨ ᠤ ᠨᠢᠬᠡᠴᠡ᠂ ᠰᠤᠷᠭᠠᠭᠤᠯᠢ ᠶᠢᠨ ᠬᠤᠭᠤᠯᠠᠨ ᠬᠡᠷ᠂ ᠠᠯᠪᠠᠨ ᠪᠠᠶᠢᠭᠤᠯᠭ᠎ᠠ ᠶᠢᠨ ᠬᠤᠭᠤᠯᠠᠨ ᠬᠡᠷ ᠵᠡᠷᠭᠡ ᠨᠢᠬᠡᠴᠡ ᠳᠤ ᠡᠷᠬᠡᠪᠰᠢ ᠢᠳᠡᠭᠡᠨ ᠤ ᠠᠮᠤᠷ ᠲᠦᠪᠰᠢᠨ ᠤ ᠲᠤᠰᠬᠠᠢ ᠬᠠᠮᠢᠶᠠᠷᠤᠭᠴᠢ ᠲᠤᠬᠢᠷᠠᠭᠤᠯᠵᠦ᠂ 2020 ᠤᠨ ᠪᠤᠯᠬᠤ ᠳᠤ᠂ ᠢᠳᠡᠭᠡᠨ ᠤᠮᠳᠠᠭᠠᠨ ᠤ ᠨᠢᠬᠡᠴᠡ ᠳᠤ ᠢᠳᠡᠭᠡᠨ ᠤ ᠠᠮᠤᠷ ᠲᠦᠪᠰᠢᠨ ᠤ ᠬᠠᠮᠢᠶᠠᠷᠤᠬᠴᠢ ᠶᠢ 100%᠎ ᠪᠠᠷ ᠲᠤᠬᠢᠷᠠᠭᠤᠯᠬᠤ ᠭᠡᠷᠡᠭᠲᠡᠢ ᠭᠡᠵᠦ ᠲᠤᠭᠳᠠᠭᠠᠪᠠ᠃         ︽ᠲᠦᠯᠦᠪᠵᠢᠬᠦᠯᠭᠡ︾᠎ ᠳᠤ᠂ ᠰᠦᠯᠵᠢᠶᠡᠨ ᠲᠡᠭᠡᠷᠡᠬᠢ ᠢᠳᠡᠭᠡᠨ ᠤᠮᠳᠠᠭᠠᠨ ᠤ ᠨᠢᠬᠡᠴᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠦ᠂ ᠡᠨᠡ ᠵᠢᠯ ᠠᠴᠠ ᠰᠦᠯᠵᠢᠶᠡᠨ ᠲᠡᠭᠡᠷᠡᠬᠢ ᠢᠳᠡᠭᠡᠨ ᠤᠮᠳᠠᠭᠠᠨ ᠤ ᠨᠢᠭᠡᠴᠡ ᠶᠢᠨ ᠡᠵᠡᠩᠨᠡᠯᠲᠡ ᠶᠢᠨ ᠦᠨᠡᠮᠯᠡᠯ᠂ ᠲᠤᠭᠤᠭᠠᠨ ᠬᠡᠷ ᠢ ᠢᠯᠡ ᠪᠤᠯᠭᠠᠬᠤ᠂ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠬᠢ ᠶᠢ ᠢᠯᠡ ᠪᠤᠯᠭᠠᠬᠤ ᠶᠢ ᠴᠦᠮ 100%᠎ ᠳᠤ ᠬᠦᠷᠭᠡᠨ᠎ᠡ᠃ 2019 ᠤᠨ ᠪᠤᠯᠬᠤ ᠳᠤ᠂ ᠡᠯ᠎ᠠ ᠬᠤᠰᠢᠭᠤ ᠰᠢᠶᠠᠨ ᠬᠤᠲᠠ ︵ᠤᠷᠤᠨ︶᠎ ᠶᠢᠨ ᠵᠢᠵᠢᠭ ᠬᠤᠭᠤᠯᠠᠨ ᠬᠡᠷ᠂ ᠰᠤᠷᠤᠭᠴᠢ ᠶᠢᠨ ᠬᠤᠭᠤᠯᠠᠨ ᠬᠡᠷ ᠤᠨ ᠲᠠᠩᠰᠠᠯᠠᠭᠰᠠᠨ ᠨᠤᠷᠮ᠎ᠠ ᠶᠢ 100%᠎ ᠳᠤ ᠬᠦᠷᠭᠡᠬᠦ ᠬᠡᠷᠡᠭᠲᠡᠢ ᠬᠡᠵᠦ ᠲᠤᠭᠳᠠᠭᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号