ᠲᠦᠪ ᠤᠨ ᠨᠠᠮ ᠤᠨ ᠰᠤᠷᠭᠠᠭᠤᠯᠢ ᠶᠢᠨ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠶᠢᠨ ᠪᠠᠶᠢᠴᠠᠭᠠᠨ ᠰᠤᠳᠤᠯᠬᠤ ᠲᠤᠭᠤᠢᠢᠯᠠᠩ ᠮᠠᠨ ᠤ ᠠᠶᠢᠮᠠᠭ ᠲᠤ ᠢᠷᠡᠵᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠬᠦᠯᠦᠯᠲᠡ ᠶᠢ ᠰᠤᠨᠤᠰᠪᠠ ᠾᠦᠸᠧ ᠵᠤᠤ ᠯᠢᠶᠠᠩ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018/5/22
    5 ᠰᠠᠷ᠎ᠠ ᠶᠢᠨ 15᠎ ᠤ ᠡᠳᠦᠷ᠂ ᠲᠦᠪ ᠤᠨ ᠨᠠᠮ ᠤᠨ ᠰᠤᠷᠭᠠᠭᠤᠯᠢ ᠶᠢᠨ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠶᠢᠨ ᠪᠠᠶᠢᠴᠠᠭᠠᠨ ᠰᠤᠳᠤᠯᠬᠤ ᠲᠤᠭᠤᠢᠢᠯᠠᠩ ᠮᠠᠨ ᠤ ᠠᠶᠢᠮᠠᠭ ᠲᠤ ᠢᠷᠡᠵᠤ ᠪᠠᠶᠢᠴᠠᠭᠠᠨ ᠰᠤᠳᠤᠯᠤᠯᠳᠠ ᠬᠢᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠶᠠᠷᠢᠯᠴᠠᠬᠤ ᠬᠤᠷᠠᠯ ᠬᠢᠵᠤ᠂ ᠮᠠᠨ ᠤ ᠠᠶᠢᠮᠠᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠬᠠᠷᠢᠭᠤ ᠮᠡᠳᠡᠬᠦᠯᠦᠯᠲᠡ ᠶᠢ ᠰᠤᠨᠤᠰᠪᠠ᠃     ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠶᠠᠷᠢᠯᠴᠠᠬᠤ ᠬᠤᠷᠠᠯ ᠳᠤ ᠤᠷᠤᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠶᠦᠩ ᠮᠢᠩ ᠬᠤᠷᠠᠯ ᠡᠷᠬᠢᠯᠡᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠲᠡᠳ᠋ ᠲᠠᠷᠤᠭ᠎ᠠ ᠴᠢᠤᠢ ᠸᠧᠢ ᠬᠦᠸᠧ ᠬᠠᠷᠢᠭᠤ ᠮᠡᠳᠡᠬᠦᠯᠦᠯᠲᠡ ᠬᠢᠪᠡ᠃         ᠾᠦᠸᠧ ᠵᠤᠤ ᠯᠢᠶᠠᠩ ᠵᠢᠭᠠᠬᠤ ᠳᠠᠭᠠᠨ᠂ ᠰᠢᠯᠢ ᠶᠢᠨ ᠭᠤᠤᠯ ᠠᠶᠢᠮᠠᠭ ︽ᠬᠦᠭᠡᠮᠲᠦᠭ ᠨᠤᠭᠤᠭᠠᠨ ᠠᠭᠤᠯᠠ ᠤᠰᠤ ᠪᠤᠯ ᠲᠠᠷᠦᠢ ᠠᠯᠳᠠ ᠮᠦᠩᠬᠦᠨ ᠠᠭᠤᠯᠠ ᠮᠦᠨ︾ ᠭᠡᠬᠦ ᠤᠬᠠᠮᠰᠠᠷ ᠢ ᠪᠠᠳᠤᠳᠬᠠᠵᠤ᠂ ᠠᠮᠢ ᠠᠬᠤᠢ ᠶᠢᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠤ᠂ ᠪᠤᠬᠢᠷᠲᠦᠯ ᠦᠭᠡᠢ ᠦᠢᠯᠡᠳᠪᠤᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠪᠦᠷᠢᠯᠳᠦᠬᠦᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ ᠨᠢᠭᠡ ᠲᠠᠯ᠎ᠠ ᠪᠠᠷ ᠡᠭᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠬᠠᠮᠠᠭᠠᠯᠠᠯᠳᠠ ᠶᠢᠨ ᠬᠠᠷᠢᠴᠠᠭ᠎ᠠ ᠶᠢ ᠵᠦᠪ ᠢᠶᠠᠷ ᠰᠢᠢᠳᠪᠤᠷᠢᠯᠡᠵᠤ᠂ ᠭᠤᠤᠯᠳᠠᠯᠭᠠᠳᠤ ᠠᠮᠢ ᠠᠬᠤᠢ ᠶᠢᠨ ᠦᠢᠯᠡᠳᠦᠯ ᠴᠢᠳᠠᠪᠬᠢ ᠶᠢᠨ ᠤᠷᠤᠨ ᠪᠠ ᠠᠮᠢ ᠠᠬᠤᠢ ᠶᠢᠨ ᠬᠤᠷᠢᠭ᠎ᠠ ᠱᠤᠭᠤᠮ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠳᠠ ᠵᠢᠴᠢ ᠠᠮᠢ ᠠᠬᠤᠢ ᠶᠢ ᠰᠡᠷᠬᠦᠭᠡᠬᠦ ᠪᠠ ᠵᠠᠰᠠᠯᠳᠠ ᠶᠢᠨ ᠠᠵᠢᠯ ᠢ ᠴᠢᠩᠭᠠᠳᠬᠠᠵᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠬᠢᠵᠠᠭᠠᠷᠯᠠᠬᠤ ᠡᠷᠴᠢᠮ ᠢᠶᠠᠨ ᠴᠢᠩᠭᠠᠳᠬᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠢᠮ ᠢ ᠴᠢᠩᠭ᠎ᠠ ᠭᠡᠷᠡᠭᠵᠢᠬᠦᠯᠵᠤ᠂ ᠠᠮᠢ ᠠᠬᠤᠢ ᠶᠢ ᠬᠠᠮᠠᠭᠠᠯᠠᠬᠤ ᠶᠢ ᠦᠨᠡᠯᠡᠨ ᠰᠢᠯᠭᠠᠬᠤ ᠪᠠ ᠬᠠᠷᠢᠭᠤᠴᠠᠯᠭ᠎ᠠ ᠨᠡᠭᠡᠮᠵᠢᠯᠡᠬᠦ ᠲᠤᠭᠳᠠᠴᠠ ᠶᠢ ᠪᠠᠶᠢᠭᠤᠯᠤᠨ ᠲᠡᠬᠦᠯᠲᠡᠷᠵᠢᠬᠦᠯᠦᠨ᠎ᠠ᠃ ᠨᠦᠬᠦᠭᠡ ᠲᠠᠯ᠎ᠠ ᠪᠠᠷ ᠮᠠᠯ ᠠᠵᠤ ᠠᠬᠤᠢ ᠶᠢᠨ ᠤᠳᠤᠬᠠᠨ ᠤ ᠦᠷ᠎ᠠ ᠠᠰᠢᠭ ᠪᠠ ᠤᠷᠳᠤ ᠬᠤᠭᠤᠴᠠᠭᠠᠨ ᠤ ᠦᠷ᠎ᠠ ᠠᠰᠢᠭ ᠤᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠵᠤ᠂ ᠮᠠᠯᠴᠢᠨ ᠲᠠᠷᠢᠶᠠᠴᠢᠨ ᠢ ᠲᠠᠭᠠᠭᠤᠯᠤᠨ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠵᠤ᠂ ︽ᠬᠤᠨᠢ ᠶᠢ ᠴᠦᠭᠡᠳᠭᠡᠵᠤ ᠦᠭᠡᠷ ᠢ ᠨᠡᠮᠡᠭᠲᠡᠬᠦᠯᠬᠦ︾ ︽ᠡᠯᠡᠰᠦᠷᠭᠡᠭ ᠭᠠᠵᠠᠷ ᠪᠤᠭ ᠮᠠᠯ ᠮᠠᠯᠵᠢᠬᠤ ᠶᠢ ᠵᠤᠭᠰᠤᠭᠠᠬᠤ︾ ︽ᠲᠠᠷᠢᠶᠠᠯᠠᠬᠤ ᠤᠷᠤᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ︾ ᠵᠡᠷᠭᠡ ᠠᠷᠭ᠎ᠠ ᠪᠤᠳᠤᠯᠭ᠎ᠠ ᠶᠢ ᠰᠠᠶᠢᠳᠤᠷ ᠭᠡᠷᠡᠭᠵᠢᠬᠦᠯᠵᠤ᠂ ᠤᠳᠤ ᠦᠶ᠎ᠠ ᠶᠢᠨ ᠮᠠᠯ ᠠᠵᠤ ᠠᠬᠤᠢ ᠶᠢ ᠲᠦᠷᠭᠡᠳᠭᠡᠨ ᠬᠦᠭᠵᠢᠬᠦᠯᠵᠤ᠂ ᠠᠮᠢ ᠠᠬᠤᠢ ᠶᠢᠨ ᠬᠠᠮᠠᠭᠠᠯᠠᠯᠳᠠ᠂ ᠠᠵᠤ ᠦᠢᠯᠡᠰ ᠤᠨ ᠬᠦᠭᠵᠢᠯᠲᠡ ᠪᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠲᠡᠯ ᠢ ᠪᠡᠶᠡᠯᠡᠬᠦᠯᠦᠨ᠎ᠡ ᠭᠡᠪᠡ᠃         ᠪᠠᠶᠢᠴᠠᠭᠠᠨ ᠰᠤᠳᠤᠯᠤᠯᠲᠡ ᠶᠢᠨ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠲᠤᠭᠤᠢᠢᠯᠠᠩ ᠪᠠᠶᠢᠰᠡ ᠶᠢᠨ ᠰᠦᠮ᠎ᠠ᠂ ᠰᠢᠯᠢ ᠶᠢᠨ ᠭᠤᠤᠯ ᠤᠨ ᠠᠮᠢ ᠠᠬᠤᠢ ᠶᠢᠨ ᠦᠵᠡᠮᠵᠢ ᠶᠢᠨ ᠪᠦᠰᠡ᠂ ᠬᠦᠷᠦᠭᠡᠰᠦᠳᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠮᠦᠽᠸᠢ ᠵᠡᠷᠭᠡ ᠭᠠᠵᠠᠷ ᠬᠦᠷᠴᠤ ᠪᠠᠶᠢᠴᠠᠭᠠᠨ ᠰᠤᠳᠤᠯᠤᠯᠳᠠ ᠭᠢᠭᠰᠡᠨ ᠤ ᠬᠠᠮᠳᠤ ᠮᠠᠯᠵᠢᠬᠤ ᠤᠷᠤᠨ᠂ ᠮᠠᠯᠴᠢᠨ ᠡᠷᠦᠭᠡ ᠳᠤ ᠬᠦᠷᠴᠤ ᠪᠠᠶᠢᠳᠠᠯ ᠤᠢᠢᠯᠠᠭᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号