ᠾᠦᠸᠧ ᠵᠤᠤ ᠯᠢᠶᠠᠩ ᠲᠠᠶᠢᠹᠦᠰᠧ ᠬᠤᠰᠢᠭᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠢᠨᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ᠰᠡᠳᠬᠢᠯ ᠨᠢᠭᠡᠲᠦᠨ ᠬᠦᠴᠦ ᠬᠠᠮᠳᠤᠷᠠᠵᠦ ᠪᠤᠭᠤᠮᠳᠠ ᠰᠢᠪᠳᠤᠯᠤᠨ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠬᠢᠬᠦ ᠭᠡᠷᠡᠭᠲᠡᠢ
ᠨᠡᠶᠢᠲᠡᠯᠡᠭᠰᠡᠨ ᠴᠠᠭ᠄
2018/5/23
    5 ᠰᠠᠷ᠎ᠠ ᠶᠢᠨ 12᠎ ᠠᠴᠠ 13᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠲᠠᠶᠢᠹᠦᠰᠧ ᠬᠤᠰᠢᠭᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠢᠨᠠᠨ ᠵᠢᠯᠤᠭᠤᠳᠪᠠ᠃ ᠲᠡᠷᠡ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ᠂ ᠦᠪᠡᠷᠲᠡᠭᠡᠨ ᠵᠠᠰᠠᠬᠤ ᠤᠷᠤᠨ ᠤ ᠰᠢᠢᠳᠪᠤᠷᠢᠲᠦ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠲᠡᠭᠡᠷ᠎ᠠ ᠨᠢᠭᠡᠳᠭᠡᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠦᠢᠯᠡᠳᠦᠯ ᠢ ᠪᠠᠳᠠᠷᠠᠭᠤᠯᠵᠤ᠂ ᠠᠵᠢᠯ ᠢ ᠬᠢᠨᠠᠨ ᠵᠢᠯᠤᠭᠤᠳᠬᠤ ᠶᠢ ᠴᠢᠩᠭᠠᠳᠬᠠᠵᠤ᠂ ᠰᠡᠳᠬᠢᠯ ᠨᠢᠭᠡᠲᠦᠨ ᠬᠦᠴᠦ ᠬᠠᠮᠳᠤᠷᠠᠵᠦ ᠪᠤᠭᠤᠮᠳᠠ ᠰᠢᠪᠳᠤᠯᠵᠤ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠬᠢᠬᠦ ᠭᠡᠷᠡᠭᠲᠡᠢ ᠭᠡᠪᠡ᠃         ᠾᠦᠸᠧ ᠵᠤᠤ ᠯᠢᠶᠠᠩ ᠪᠤᠤᠴᠠᠩ ᠪᠠᠯᠭᠠᠰᠤᠨ ᠤ ᠡᠦ ᠵᠢᠩ ᠲᠤᠰᠬᠤᠨ᠂ ᠡᠦ ᠹᠦ᠋ ᠲᠤᠰᠬᠤᠨ᠂ ᠬᠤᠸᠠᠩ ᠲᠤ ᠺᠧᠩ ᠲᠤᠰᠬᠤᠨ ᠳᠤ ᠬᠦᠷᠴᠤ᠂ ᠦᠨᠳᠤᠰᠤᠨ ᠱᠠᠳᠤᠨ ᠤ ᠺᠠᠳ᠋ᠷ᠂ ᠭᠠᠴᠠᠭ᠎ᠠ ᠲᠤᠰᠬᠤᠨ ᠳᠤ ᠰᠠᠭᠤᠬᠤ ᠠᠵᠢᠯ ᠤᠨ ᠲᠤᠭᠤᠢᠢᠯᠠᠩ ᠪᠠ ᠶᠠᠳᠠᠭᠤ ᠬᠦᠴᠢᠷᠲᠡᠯᠲᠡᠢ ᠤᠯᠠᠨ ᠲᠦᠮᠡᠨ ᠲᠠᠢ ᠶᠠᠷᠢᠯᠴᠠᠨ ᠶᠠᠳᠠᠭᠤ ᠶᠢ ᠲᠡᠳᠬᠦᠬᠦ ᠪᠠᠶᠢᠳᠠᠯ ᠢ ᠦᠢᠯᠠᠭᠠᠨ᠂ ᠤᠷᠤᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠬᠠᠨᠳᠤᠭᠤᠯᠤᠨ᠂ ᠲᠤᠬᠠᠢ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠤᠷᠠᠳᠪᠠ᠃         ᠾᠦᠸᠧ ᠵᠤᠤ ᠯᠢᠶᠠᠩ ᠵᠢᠭᠠᠬᠤ ᠳᠠᠭᠠᠨ᠂ ᠲᠠᠶᠢᠹᠦᠰᠧ ᠬᠤᠰᠢᠭᠤᠨ ᠤ ᠡᠪᠡᠳᠴᠢᠨ ᠢᠶᠠᠷ ᠶᠠᠳᠠᠭᠤᠷᠠᠭᠰᠠᠨ ᠶᠠᠳᠠᠭᠤ ᠬᠦᠴᠢᠷᠲᠡᠯᠲᠡᠢ ᠡᠷᠦᠭᠡ ᠬᠠᠭᠠᠰ ᠢᠯᠡᠬᠦᠤ ᠶᠢ ᠡᠵᠡᠯᠡᠵᠤ ᠪᠤᠢ᠂ ᠡᠷᠭᠡᠪᠰᠢ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠪᠠ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠪᠠᠷ ᠴᠢᠬᠤᠯᠠ ᠭᠠᠷᠳᠠᠴᠠ ᠪᠤᠯᠭᠠᠵᠤ᠂ ᠶᠠᠳᠠᠭᠤ ᠬᠦᠴᠢᠷᠲᠡᠯᠲᠡᠢ ᠤᠯᠠᠨ ᠲᠦᠮᠡᠨ ᠤ ᠡᠷᠡᠬᠦᠯ ᠮᠡᠨᠳᠤ ᠶᠢ ᠪᠠᠳᠤᠯᠠᠬᠤ ᠭᠡᠷᠡᠭᠲᠡᠢ᠃ ᠠᠵᠤ ᠦᠢᠯᠡᠰ ᠢ ᠬᠦᠭᠵᠢᠬᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠬᠦ ᠤᠷᠳᠤ ᠬᠤᠭᠤᠴᠠᠭᠠᠨ ᠤ ᠠᠷᠭ᠎ᠠ ᠪᠠᠶᠢᠵᠤ᠂ ᠠᠵᠤ ᠦᠢᠯᠡᠰ ᠤᠨ ᠤᠷᠳᠤ ᠬᠤᠭᠤᠴᠠᠭᠠᠨ ᠤ ᠬᠦᠭᠵᠢᠯᠲᠡ ᠶᠢ ᠰᠠᠶᠢᠳᠤᠷ ᠲᠦᠯᠦᠪᠯᠡᠵᠤ᠂ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠠᠳᠬᠤᠬᠤ ᠶᠢᠨ ᠬᠠᠮᠳᠤ ᠠᠵᠤ ᠦᠢᠯᠡᠰ ᠢ ᠪᠤᠵᠠᠭᠠᠢᠢᠷᠠᠭᠤᠯᠤᠨ ᠬᠦᠴᠦᠷᠭᠡᠭᠵᠢᠬᠦᠯᠬᠦ ᠭᠡᠷᠡᠭᠲᠡᠢ᠃ ᠭᠠᠵᠠᠷ ᠤᠷᠤᠨ᠂ ᠡᠷᠦᠭᠡ ᠶᠢᠨ ᠪᠤᠳᠠᠳᠤ ᠪᠠᠶᠢᠳᠠᠯ ᠳᠤ ᠲᠤᠬᠢᠷᠠᠭᠤᠯᠤᠨ ᠠᠷᠭ᠎ᠠ ᠪᠤᠳᠤᠯᠭ᠎ᠠ ᠭᠡᠷᠡᠭᠵᠢᠬᠦᠯᠵᠤ᠂ ᠶᠠᠳᠠᠭᠤ ᠬᠦᠴᠢᠷᠲᠡᠯᠲᠡᠢ ᠤᠷᠤᠨ ᠳᠤ ᠲᠤᠬᠢᠷᠠᠬᠤ ᠤᠨᠴᠠᠯᠢᠭᠳᠤ ᠠᠵᠤ ᠦᠢᠯᠡᠰ ᠢ ᠬᠦᠭᠵᠢᠬᠦᠯᠵᠤ᠂ ᠰᠢᠨ᠎ᠠ ᠭᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠵᠤ᠂ ᠠᠵᠤ ᠠᠬᠤᠢᠢᠯᠠᠯ ᠲᠠᠷᠢᠶᠠᠴᠢᠨ ᠡᠷᠦᠭᠡ ᠶᠢᠨ ᠠᠰᠢᠭ ᠲᠤᠰᠠ ᠬᠠᠷᠢᠯᠴᠠᠨ ᠬᠤᠯᠪᠤᠯᠳᠤᠬᠤ ᠲᠤᠭᠳᠠᠴᠠ ᠶᠢ ᠪᠠᠶᠢᠭᠤᠯᠵᠤ᠂ ᠶᠠᠳᠠᠭᠤ ᠬᠦᠴᠢᠷᠲᠡᠯᠲᠡᠢ ᠤᠯᠠᠨ ᠲᠦᠮᠡᠨ ᠤ ᠤᠷᠤᠯᠴᠠᠬᠤ ᠶᠢ ᠲᠠᠶᠢᠴᠢᠯᠠᠵᠤ᠂ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠪᠠᠶᠡᠯᠡᠬᠦᠯᠬᠦ ᠭᠡᠷᠡᠭᠲᠡᠢ ᠭᠡᠪᠡ᠃         ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠾᠦᠸᠧ ᠵᠤᠤ ᠯᠢᠶᠠᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠶᠢᠹᠦᠰᠧ ᠬᠤᠰᠢᠭᠤ ᠶᠢ ᠬᠠᠪᠰᠤᠷᠤᠨ ᠲᠡᠳᠬᠦᠵᠤ ᠪᠠᠶᠢᠭ᠎ᠠ ᠠᠶᠢᠮᠠᠭ ᠤᠨ ᠲᠡᠰ ᠤᠨ ᠤᠳᠤᠷᠢᠳᠬᠤ ᠺᠠᠳ᠋ᠷ ᠪᠠ ᠬᠤᠰᠢᠭᠤᠨ ᠳᠤ ᠰᠠᠭᠤᠭ᠎ᠠ ᠬᠢᠨᠠᠨ ᠵᠢᠯᠤᠭᠤᠳᠬᠤ ᠲᠤᠭᠤᠢᠢᠯᠠᠩ ᠤᠨ ᠪᠠᠶᠢᠴᠠᠭᠠᠨ ᠰᠤᠳᠤᠯᠤᠯᠳᠠ ᠬᠢᠭᠰᠡᠨ ᠠᠵᠢᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠤ᠂ ᠢᠯᠡᠷᠡᠬᠦᠯᠦᠭᠰᠡᠨ ᠠᠰᠠᠭᠤᠳᠠᠯ ᠳᠤ ᠬᠠᠨᠳᠤᠭᠤᠯᠤᠨ᠂ ᠲᠠᠶᠢᠹᠦᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠲᠠᠷᠦᠢ ᠲᠦᠷᠭᠡᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠤᠷᠠᠳᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号