ᠷᠧᠨ ᠶᠠ ᠫᠢᠩ ᠮᠠᠨ ᠤ ᠠᠶᠢᠮᠠᠭ ᠲᠤ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018/5/23
    5 ᠰᠠᠷ᠎ᠠ ᠶᠢᠨ 18᠎ ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠠᠯ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠤᠷᠤᠨ ᠤ ᠠᠷᠪᠠᠨ ᠨᠢᠬᠡᠳᠦᠬᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠮᠠᠨ ᠤ ᠠᠶᠢᠮᠠᠭ ᠲᠤ ᠢᠷᠡᠵᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠡᠷᠳᠡᠨᠢᠮᠦ᠋ᠩᠬᠡ᠂ ᠰᠢᠯᠢ ᠶᠢᠨ ᠬᠤᠲᠠ ᠶᠢᠨ ᠭᠤᠤᠯ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠪᠠᠷ᠎ᠠ ᠪᠤᠯᠵᠠᠢ᠃         ᠷᠧᠨ ᠶᠠ ᠫᠢᠩ ᠰᠢᠯᠢ ᠶᠢᠨ ᠬᠤᠲᠠ ᠶᠢᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠦᠪ᠂ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠵᠡᠷᠭᠡ ᠭᠠᠵᠠᠷ ᠢᠶᠠᠷ ᠬᠦᠨᠵᠡᠭᠡᠶᠢᠷᠡᠨ ᠪᠠᠶᠢᠳᠠᠯ ᠤᠢᠢᠯᠠᠭᠠᠵᠤ᠂ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠦᠢᠯᠡᠰ ᠤᠨ ᠠᠮᠵᠢᠯᠲᠠ ᠪᠦᠲᠦᠮᠵᠢ ᠶᠢ ᠬᠦᠢᠴᠡᠳ ᠦᠨᠡᠯᠡᠪᠡ᠃ ᠲᠡᠷᠡ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠰᠢ ᠶᠢᠨ ᠫᠢᠩ ᠤᠨ ᠶᠠᠳᠠᠭᠤ ᠶᠢ ᠳᠡᠳᠬᠦᠬᠦ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠤᠯᠤᠰ ᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠤ ᠰᠤᠷᠭᠠᠨ ᠬᠦᠮᠦᠵᠢᠯ ᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠡᠵᠡᠮᠳᠡᠵᠦ᠂ ᠰᠤᠷᠭᠠᠨ ᠬᠦᠮᠦᠵᠢᠯ ᠤᠨ ᠴᠢᠨᠠᠷᠵᠢᠯ ᠢ ᠲᠡᠭᠡᠭᠰᠢᠯᠡᠬᠦᠯᠵᠦ᠂ ᠶᠠᠳᠠᠭᠤ ᠬᠦᠴᠢᠷᠳᠡᠯᠲᠠᠢ ᠡᠷᠦᠬᠡ ᠶᠢᠨ ᠦᠷ᠎ᠡ ᠬᠡᠦᠭᠡᠳ ᠲᠤ ᠰᠤᠷᠭᠠᠨ ᠬᠦᠮᠦᠵᠢᠯ ᠬᠦᠷᠳᠡᠭᠡᠬᠦ ᠬᠡᠷᠡᠭᠲᠡᠢ᠃ ᠶᠠᠳᠠᠭᠤ ᠬᠦᠴᠢᠷᠳᠡᠯᠲᠠᠢ ᠭᠠᠵᠠᠷ ᠤᠷᠤᠨ ᠳᠠᠬᠢ ᠰᠤᠷᠭᠠᠨ ᠬᠦᠮᠦᠵᠢᠯ ᠤᠨ ᠪᠡᠯᠡ ᠤᠷᠤᠭᠤᠯᠤᠯᠲᠠ ᠶᠢ ᠨᠡᠮᠡᠭᠳᠡᠬᠦᠯᠵᠦ᠂ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠰᠤᠷᠭᠠᠨ ᠬᠦᠮᠦᠵᠢᠯ ᠪᠤᠯᠪᠠᠰᠤᠷᠠᠯ ᠤᠨ ᠡᠬᠢ ᠪᠠᠶᠠᠯᠢᠭ ᠲᠤ ᠲᠦᠰᠢᠭᠯᠡᠨ᠂ ᠶᠠᠳᠠᠭᠤ ᠬᠦᠴᠢᠷᠳᠡᠯᠲᠠᠢ ᠤᠯᠠᠨ ᠲᠦᠮᠡᠨ ᠳᠤ ᠠᠵᠢᠯ ᠮᠡᠷᠭᠡᠵᠢᠯ ᠤᠨ ᠪᠤᠯᠪᠠᠰᠤᠷᠠᠯ ᠪᠠ ᠪᠤᠳᠠᠲᠤ ᠭᠡᠷᠡᠭᠯᠡᠬᠡᠨ ᠤ ᠮᠡᠷᠭᠡᠵᠢᠯ ᠤᠨ ᠪᠤᠯᠪᠠᠰᠤᠷᠠᠯ ᠬᠦᠷᠳᠡᠬᠡᠬᠦ ᠬᠡᠷᠡᠭᠲᠠᠢ᠃ ᠬᠦᠳᠡᠯᠮᠦᠷᠢ ᠦᠢᠯᠡᠴᠢᠯᠡᠭᠡ ᠶᠢ ᠵᠤᠯᠭᠠᠭᠤᠯᠬᠤ ᠲᠤᠭᠳᠠᠴᠠ ᠶᠢ ᠪᠦᠷᠢᠨᠰᠢᠬᠦᠯᠦᠨ ᠲᠡᠭᠦᠯᠳᠡᠷᠵᠢᠬᠦᠯᠵᠦ᠂ ᠠᠵᠢᠯᠴᠢᠨ ᠬᠡᠷᠡᠭᠯᠡᠬᠦ ᠠᠵᠦ ᠠᠬᠤᠢᠢᠯᠠᠯ ᠳᠤ ᠵᠠᠬᠢᠶᠠᠯᠠᠭ᠎ᠠ ᠶᠢᠨ ᠴᠢᠨᠠᠷᠲᠠᠢ ᠬᠦᠳᠡᠯᠮᠦᠷᠢ ᠬᠦᠴᠦᠨ ᠬᠠᠩᠭᠠᠵᠦ᠂ ︽ᠨᠢᠬᠡ ᠬᠦᠮᠦᠨ ᠳᠤ ᠪᠤᠯᠪᠠᠰᠤᠷᠠᠯ ᠬᠦᠷᠳᠡᠭᠡᠪᠡᠯ ᠨᠢᠬᠡ ᠬᠦᠮᠦᠨ ᠳᠤ ᠠᠵᠢᠯ ᠤᠯᠭᠤᠵᠦ᠂ ᠨᠢᠬᠡ ᠬᠦᠮᠦᠨ ᠢ ᠶᠠᠳᠠᠭᠤ ᠠᠴᠠ ᠠᠩᠬᠢᠵᠢᠷᠠᠭᠤᠯᠬᠤ︾᠎ ᠶᠢ ᠪᠡᠶᠡᠯᠡᠬᠦᠯᠬᠦ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号